ᠥᠪᠡᠷ ᠤᠨ ᠶᠠᠭᠤᠮ᠎ᠠ ᠪᠠᠨ ᠥᠪᠡᠷ ᠢᠶᠠᠨ ᠰᠠᠶᠢᠲᠤᠷ ᠡᠵᠡᠩᠨᠡᠶ᠎ᠡ
ᠨᠡᠶᠢᠲᠡᠯᠡᠭᠰᠡᠨ ᠴᠠᠭ᠄
2024/4/11
   ᠭᠠᠵᠠᠷ ᠪᠣᠯᠭᠠᠨ ᠳᠤ ᠪᠦᠷ ᠥᠪᠡᠷᠮᠢᠴᠡ ᠡᠳ᠋ ᠭᠠᠷᠤᠯᠲᠠ ᠲᠠᠢ ᠪᠠᠶᠢᠵᠤ᠂ ᠲᠡᠷᠡ ᠨᠢ ᠤᠳᠠᠭᠠᠨ ᠵᠢᠯ ᠤᠨ ᠤᠯᠠᠷᠢᠨ ᠬᠥᠭᠵᠢᠬᠦ ᠶᠠᠪᠤᠴᠠ ᠳᠤ ᠥᠪᠡᠷᠮᠢᠴᠡ ᠲᠡᠦᠬᠡ ᠰᠣᠶᠣᠯ ᠤᠨ ᠠᠭᠤᠯᠬᠤᠨ ᠲᠠᠢ ︽ᠨᠤᠲᠤᠭ ᠤᠨ ᠣᠨᠴᠠ ᠭᠠᠷᠤᠯᠲᠠ︾ ᠪᠣᠯᠵᠤ ᠪᠦᠷᠢᠯᠳᠦᠳᠡᠭ ᠶᠤᠮ᠃ ᠨᠤᠲᠤᠭ ᠤᠨ ᠣᠨᠴᠠ ᠭᠠᠷᠤᠯᠲᠠ ᠨᠢ ᠣᠷᠣᠨ ᠨᠤᠲᠤᠭ ᠤᠨ ᠳᠠᠪᠠᠭᠤᠯᠢᠭ  ᠲᠠᠢ ᠪᠥᠭᠡᠳ ᠭᠠᠵᠠᠷ ᠵᠦᠢ ᠶᠢᠨ ᠪᠠᠶᠢᠷᠢᠰᠢᠯ᠂ ᠠᠭᠤᠷ ᠠᠮᠢᠰᠬᠤᠯ ᠵᠡᠷᠭᠡ ᠭᠠᠵᠠᠷ ᠣᠷᠣᠨ ᠤ ᠥᠪᠡᠷᠮᠢᠴᠡ ᠣᠨᠴᠠᠯᠢᠭ ᠪᠠ ᠲᠤᠬᠠᠢ ᠶᠢᠨ ᠭᠠᠵᠠᠷ ᠤᠨ ᠬᠥᠮᠥᠰ ᠤᠨ ᠵᠠᠩ ᠦᠢᠯᠡ ᠶᠢ ᠬᠠᠮᠤᠭ ᠠᠴᠠ ᠢᠯᠡᠭᠦᠦ ᠢᠯᠡᠷᠡᠭᠦᠯᠵᠦ ᠴᠢᠳᠠᠳᠠᠭ ᠶᠤᠮ᠃ ᠠᠭᠤᠯᠠ ᠣᠶᠢᠷ᠎ᠠ ᠰᠠᠭᠤᠭᠰᠠᠨ ᠬᠥᠮᠥᠨ ᠮᠣᠳᠣ ᠲᠦᠯᠡᠵᠦ᠂ ᠤᠰᠤ ᠣᠶᠢᠷ᠎ᠠ ᠰᠠᠭᠤᠭᠰᠠᠨ ᠬᠥᠮᠥᠨ ᠵᠢᠭᠠᠰᠤ ᠢᠳᠡᠨ᠎ᠡ ᠭᠡᠳᠡᠭ ᠢᠶᠠᠷ ᠪᠢᠳᠡ ᠣᠷᠴᠢᠨ ᠨᠥᠬᠦᠴᠡᠯ ᠤᠨ ᠢᠶᠠᠨ ᠠᠰᠢᠭ ᠢ ᠵᠠᠪᠠᠯ ᠥᠪᠡᠷ ᠢᠶᠠᠨ ᠤᠷᠢᠳ ᠢᠶᠠᠷ ᠡᠳ᠋ᠯᠡᠵᠦ ᠴᠢᠳᠠᠭᠰᠠᠨ ᠪᠠᠶᠢᠬᠤ ᠬᠡᠷᠡᠭᠲᠡᠢ᠂ ᠡᠭᠦᠨ ᠳᠤ ᠨᠤᠲᠤᠭ ᠤᠨ ᠣᠨᠴᠠ ᠭᠠᠷᠤᠯᠲᠠ ᠪᠠᠨ ᠠᠯᠳᠠᠷᠰᠢᠭᠤᠯᠵᠤ᠂ ᠨᠤᠲᠤᠭ ᠤᠨ ᠣᠨᠴᠠ ᠭᠠᠷᠤᠯᠲᠠ ᠶᠢᠨ ᠠᠵᠤ ᠦᠢᠯᠡᠰ ᠢ ᠬᠥᠭᠵᠢᠭᠦᠯᠬᠦ ᠶᠢ ᠶᠠᠭᠠᠬᠢᠭᠰᠠᠨ ᠴᠦ ᠣᠮᠲᠣᠭᠠᠶᠢᠯᠠᠵᠤ ᠪᠤᠯᠬᠤ ᠦᠭᠡᠢ᠃ ᠪᠦᠭᠦ ᠣᠷᠣᠨ ᠤ ᠡᠯ᠎ᠡ ᠭᠠᠵᠠᠷ ᠤᠨ ᠬᠢᠨ ᠮᠠᠯ ᠠᠵᠤ ᠠᠬᠤᠢ ᠲᠠᠷᠢᠶᠠᠯᠠᠩ ᠪᠣᠯᠣᠨ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠤ ᠡᠬᠢ ᠪᠠᠶᠠᠯᠢᠭ ᠲᠤ ᠲᠦᠰᠢᠭᠯᠡᠨ ᠳᠠᠭᠠᠭᠤᠯᠤᠭᠴᠢ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠎ ᠪᠠᠨ ᠨᠥᠬᠦᠪᠦᠷᠢᠯᠡᠨ᠂ ᠡᠵᠡᠩᠨᠡᠯᠲᠡ ᠶᠢᠨ ᠭᠡᠯᠪᠡᠷᠢ ᠪᠠᠶᠢᠳᠠᠯ ᠢ ᠬᠥᠭᠵᠢᠭᠦᠯᠵᠦ᠂ ᠲᠥᠷᠥᠯ ᠲᠡᠮᠳᠡᠭ ᠢ ᠪᠤᠢ ᠪᠣᠯᠭᠠᠨ ᠨᠤᠲᠤᠭ ᠤᠨ ᠣᠨᠴᠠ ᠭᠠᠷᠤᠯᠲᠠ ᠶᠢᠨ ᠠᠵᠤ ᠦᠢᠯᠡᠰ ᠢ ᠬᠥᠭᠵᠢᠭᠦᠯᠦᠭᠰᠡᠭᠡᠷ ᠢᠷᠡᠵᠡᠢ᠃ ᠡᠳᠦᠭᠡ ᠰᠢᠨ᠎ᠡ ᠮᠡᠷᠭᠡᠵᠢᠯ ᠢ ᠠᠰᠢᠭᠯᠠᠨ ᠨᠤᠲᠤᠭ ᠤᠨ ᠣᠨᠴᠠ ᠭᠠᠷᠤᠯᠲᠠ ᠶᠢᠨ ᠠᠵᠤ ᠦᠢᠯᠡᠰ ᠤᠨ ᠬᠥᠭᠵᠢᠯᠲᠡ ᠶᠢ ᠪᠠᠷᠢᠮᠵᠢᠶᠠᠵᠢᠭᠤᠯᠬᠤ᠂ ᠵᠠᠬ᠎ᠠ ᠳᠡᠯᠭᠡᠭᠦᠷᠴᠢᠭᠦᠯᠭᠦ᠂ ᠲᠥᠷᠥᠯ ᠲᠡᠮᠳᠡᠭᠵᠢᠭᠦᠯᠬᠦ ᠲᠡᠶᠢᠰᠢ ᠬᠤᠪᠢᠷᠠᠭᠤᠯᠵᠤ᠂ ᠨᠤᠲᠤᠭ ᠤᠨ ᠣᠨᠴᠠ ᠭᠠᠷᠤᠯᠲᠠ ᠶᠢᠨ ᠎ ᠢᠶᠠᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠴᠢᠩᠭᠠᠷᠠᠭᠤᠯᠵᠤ ᠪᠠᠶᠢᠭ᠎ᠠ ᠨᠢ ᠲᠣᠳᠣᠬᠠᠨ ᠬᠠᠷᠠᠭᠳᠠᠨ᠎ᠠ᠃ ᠣᠶᠢᠷ᠎ᠠ ᠶᠢᠨ ᠵᠢᠯ ᠳᠤ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠤ ᠠᠵᠤ ᠦᠢᠯᠡᠰ ᠥᠷᠨᠢᠨ ᠬᠥᠭᠵᠢᠵᠦ᠂ ᠮᠠᠰᠢ ᠣᠯᠠᠨ ᠭᠠᠵᠠᠷ ᠤᠨ ᠨᠤᠲᠤᠭ ᠤᠨ ᠣᠨᠴᠠ ᠭᠠᠷᠤᠯᠲᠠ ᠨᠢ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ ᠶᠢᠨ ᠴᠢᠬᠤᠯᠠ ᠲᠤᠯᠭᠠᠭᠤᠷᠢᠯᠠᠯ ᠪᠣᠯᠤᠭᠰᠠᠨ ᠶᠤᠮ᠃ ᠵᠢᠱᠢᠶᠡᠯᠡᠪᠡᠯ ᠠᠤᠬᠠᠨ ᠤ ᠨᠠᠷᠢᠮᠤ᠂ ᠵᠠᠯᠠᠨ ᠠᠶᠢᠯ ᠤᠨ ᠬᠠᠷ᠎ᠠ ᠳᠡᠯᠳᠡᠦ ᠂ ᠠᠯᠠᠱᠠ ᠶᠢᠨ ᠴᠠᠭᠠᠨ ᠭᠤᠶᠣᠣ ᠵᠡᠷᠭᠡ ᠨᠢ ᠴᠥᠮ ᠨᠤᠲᠤᠭ ᠤᠰᠤᠨ ᠳᠠᠭᠠᠨ ᠰᠠᠭᠤᠷᠢᠯᠠᠨ ᠨᠡᠷ᠎ᠡ ᠠᠯᠳᠠᠷᠰᠢᠯ ᠲᠠᠢ ᠮᠥᠷᠲᠡᠭᠡᠨ ᠪᠤᠰᠤᠳ ᠠᠴᠠ ᠢᠯᠭᠠᠭᠳᠠᠭᠰᠠᠨ ᠣᠨᠴᠠᠯᠢᠭᠲᠤ ᠠᠵᠤ ᠦᠢᠯᠡᠰ ᠪᠣᠯᠣᠨ ᠬᠥᠭᠵᠢᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠪᠠ ᠣᠷᠣᠨ ᠨᠤᠲᠤᠭ ᠤᠨ ᠬᠥᠭᠵᠢᠯᠲᠡ ᠶᠢ ᠬᠦᠴᠦᠲᠡᠢ ᠠᠬᠢᠭᠤᠯᠵᠤ ᠪᠠᠶᠢᠨ᠎ᠠ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠬᠥᠳᠡᠭᠡ ᠲᠤᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠡᠩ ᠲᠡᠷᠢᠭᠦᠨ ᠳᠤ ᠢᠯᠡ ᠲᠣᠳᠣ ᠭᠠᠵᠠᠷ ᠣᠷᠣᠨ ᠤ ᠣᠨᠴᠠᠯᠢᠭ ᠲᠠᠢ ᠨᠤᠲᠤᠭ  ᠤᠨ ᠣᠨᠴᠠ ᠭᠠᠷᠤᠯᠲᠠ ᠳᠤᠷᠠᠳᠤᠭᠳᠠᠵᠤ᠂ ᠨᠤᠲᠤᠭ ᠤᠨ ᠣᠨᠴᠠ ᠭᠠᠷᠤᠯᠲᠠ ᠪᠠᠷ ᠬᠥᠳᠡᠭᠡ ᠲᠤᠰᠬᠤᠨ ᠤ ᠠᠵᠤ ᠦᠢᠯᠡᠰ ᠤᠨ ᠬᠥᠭᠵᠢᠯ ᠮᠠᠨᠳᠤᠯ ᠢ ᠳᠠᠶᠢᠴᠢᠯᠠᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠨᠢᠭᠡᠨ ᠴᠢᠬᠤᠯᠠ ᠠᠷᠭ᠎ᠠ ᠵᠠᠮ ᠨᠢ ᠭᠠᠷᠴᠠᠭ᠎ᠠ ᠦᠭᠡᠢ᠃ ᠨᠤᠲᠤᠭ ᠤᠨ ᠣᠨᠴᠠ ᠭᠠᠷᠤᠯᠲᠠ ᠪᠣᠯ ᠵᠦᠪᠭᠡᠨ ᠡᠨᠡ ᠨᠤᠲᠤᠭ ᠲᠤ ᠯᠠ ᠪᠠᠶᠢᠳᠠᠭ ᠭᠠᠷᠤᠯᠲᠠ᠂ ᠲᠡᠶᠢᠮᠤ ᠪᠣᠯᠬᠤᠷ ᠥᠪᠡᠷ ᠤᠨ ᠶᠠᠭᠤᠮ᠎ᠠ ᠪᠠᠨ ᠥᠪᠡᠷ ᠢᠶᠠᠨ ᠰᠠᠶᠢᠲᠤᠷ ᠡᠵᠡᠩᠨᠡᠵᠦ᠂ ︽ᠨᠤᠲᠤᠭ︾᠎ ᠤᠨ ᠡᠬᠢ ᠪᠠᠶᠠᠯᠢᠭ ᠢᠶᠠᠨ ᠭᠦᠨ ᠠᠭᠤᠳᠠᠯᠵᠤ᠂ ︽ᠣᠨᠴᠠ︾ ᠵᠠᠮ ᠢᠶᠠᠷ ᠰᠠᠶᠢᠲᠤᠷ ᠵᠠᠮᠨᠠᠨ᠂ ︽ᠭᠠᠷᠤᠯᠲᠠ︾᠎ ᠶᠢᠨ ᠦᠷ᠎ᠡ ᠠᠰᠢᠭ ᠢ ᠳᠡᠭᠡᠭᠰᠢᠯᠡᠭᠦᠯᠭᠦ ᠳᠤ ᠭᠦᠷᠪᠡᠯ ᠯᠠᠪᠳᠠᠶ᠎ᠠ ᠣᠷᠣᠨ ᠨᠤᠲᠤᠭ ᠤᠨ ᠢᠶᠠᠨ ᠥᠪᠡᠷᠮᠢᠴᠡ ᠣᠨᠴᠠᠯᠢᠭ ᠲᠠᠢ ᠠᠵᠤ ᠦᠢᠯᠡᠰ  ᠤᠨ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠪᠡᠶᠡᠯᠡᠭᠦᠯᠵᠦ ᠴᠢᠳᠠᠬᠤ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号