ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ ︽ᠠᠮᠢ ᠠᠬᠤᠢ ᠶᠢᠨ ᠬᠠᠮᠠᠭᠠᠯᠠᠯᠲᠠ ᠶᠢᠨ ᠨᠦᠭᠦᠪᠤᠷᠢ ᠶᠢᠨ ᠳᠦᠷᠢᠮ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/11
   ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠣᠷᠴᠢᠮᠬᠠᠨ ᠳᠦᠷᠤ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ ︽ᠠᠮᠢ ᠠᠬᠤᠢ ᠶᠢᠨ ᠬᠠᠮᠠᠭᠠᠯᠠᠯᠲᠠ ᠶᠢᠨ ᠨᠦᠭᠦᠪᠤᠷᠢ ᠶᠢᠨ ᠳᠦᠷᠢᠮ ︵ᠳᠣᠷᠣᠭᠰᠢ ᠳᠦᠷᠢᠮ︶︾ ᠢ ᠨᠡᠶᠢᠲᠡᠯᠡᠵᠦ᠂ 2024 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠠᠭᠵᠢᠭᠦᠯᠣᠨ᠎ᠠ     ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠳᠦᠷᠢᠮ ᠪᠣᠯ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠴᠢᠬᠤᠯᠠ ᠪᠦᠷᠢᠯᠳᠦᠬᠦᠨ ᠬᠡᠰᠡᠭ ᠮᠥᠨ᠃ ︽ᠳᠦᠷᠢᠮ︾ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠨᠠᠮ ᠤᠨ ᠲᠥᠪ ᠬᠤᠷᠢ᠊ ᠡᠶ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠤᠬᠠᠢ ᠲᠣᠭᠲᠠᠭᠠᠯ ᠪᠣᠯᠤᠨ ᠱᠠᠭᠠᠷᠳᠠᠯᠭ᠎ᠠ ᠵᠢᠴᠢ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ ᠢ ᠶᠡᠷᠦᠩᠬᠡᠶᠢᠯᠡᠭᠰᠡᠨ ᠴᠢᠨᠠᠷᠲᠠᠢ᠂ ᠰᠠᠭᠤᠷᠢ ᠴᠢᠨᠠᠷᠲᠠᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠬᠡᠯᠪᠡᠷᠢ ᠪᠠᠷ ᠪᠠᠬᠢᠵᠢᠭᠦᠯᠦᠨ ᠥᠷᠭᠡᠳᠬᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠦᠨᠳᠦᠰᠦᠨ ᠳᠦᠷᠢᠮ ᠳᠦᠷᠢᠮ ᠢ ᠲᠣᠭᠲᠠᠭᠠᠵᠤ᠂ ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠢ ᠪᠠᠶᠢᠬᠤ ᠦᠢᠯᠡᠳᠦᠯ ᠢ ᠭᠦᠢᠴᠡᠳ ᠪᠠᠳᠠᠷᠠᠭᠤᠯᠪᠠ᠃ ︽ᠲᠦᠷᠢᠮ︾ ᠳᠤ ᠨᠡᠶᠢᠲᠡ 6 ᠪᠦᠯᠦᠭ 33 ᠵᠦᠢᠯ ᠳᠤ᠂ ᠭᠤᠣᠯᠳᠠᠭᠤ ᠳᠣᠣᠷᠠᠬᠢ ᠠᠭᠤᠯᠭ᠎ᠠ ᠶᠢ ᠲᠣᠭᠲᠠᠭᠠᠪᠠ᠄    ᠨᠢᠭᠡ ᠳᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠭᠤᠯᠤᠭᠳᠠᠬᠤᠨ ᠢ ᠲᠣᠳᠣᠷᠬᠠᠢ ᠪᠣᠯᠭᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠭᠡᠳᠡᠭ ᠨᠢ ᠡᠳ᠋ ᠤᠨ ᠵᠠᠰᠠᠭ ᠠᠴᠠ ᠭᠤᠯᠳᠤ ᠪᠠᠷ ᠨᠥᠬᠦᠪᠥᠷᠢᠯᠡᠬᠦ᠂ ᠭᠠᠵᠠᠷ ᠣᠷᠣᠨ ᠤ ᠬᠤᠭᠤᠷᠣᠨᠳᠣᠬᠢ ᠬᠥᠨᠳᠡᠯᠡᠨ ᠨᠥᠬᠦᠪᠥᠷᠢ᠂ ᠵᠠᠬ᠎ᠠ ᠳᠡᠯᠭᠡᠭᠦᠷ ᠤᠨ ᠲᠣᠭᠲᠠᠴᠠ ᠶᠢᠨ ᠨᠥᠬᠦᠪᠥᠷᠢ ᠥᠭᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠲᠣᠭᠲᠠᠭᠠᠯ ᠪᠤᠶᠤ ᠪᠣᠯᠵᠣᠨ ᠲᠣᠭᠲᠠᠭᠰᠠᠨ ᠶᠣᠰᠣᠭᠠᠷ ᠠᠮᠢ ᠠᠬᠤᠢ ᠶᠢᠨ ᠬᠠᠮᠠᠭᠠᠯᠠᠯᠲᠠ ᠶᠢ ᠥᠷᠨᠢᠭᠦᠯᠬᠦ ᠨᠢᠭᠡᠴᠡ ᠪᠣᠯᠤᠨ ᠬᠤᠪᠢ ᠬᠥᠮᠦᠨ ᠳᠤ ᠨᠥᠬᠦᠪᠥᠷᠢ ᠣᠯᠭᠤᠬᠤ ᠶᠢᠨ ᠤᠷᠮᠠᠰᠢᠭᠤᠯᠬᠤ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠶᠢ ᠵᠢᠭᠠᠵᠤ ᠪᠤᠢ᠃    ᠬᠤᠶᠠᠷ ᠲᠤ᠂ ᠠᠵᠢᠯ ᠤᠨ ᠵᠠᠷᠴᠢᠮ ᠢ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ ᠬᠠᠮᠵᠢᠯᠴᠠᠨ ᠠᠬᠢᠭᠤᠯᠬᠤ ᠶᠢ ᠪᠠᠷᠢᠮᠲᠠᠯᠠᠨ᠂ ᠠᠮᠢ ᠠᠬᠤᠢ ᠶᠢᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠬᠠᠷᠢᠯᠴᠠᠨ ᠨᠢᠭᠡᠳᠬᠦ ᠶᠢ ᠪᠠᠷᠢᠮᠲᠠᠯᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠬᠠᠮᠢᠶ᠎ᠠ ᠪᠦᠬᠦᠢ ᠠᠵᠢᠯ ᠢ ᠬᠠᠷᠢᠭᠤᠴᠠᠬᠤ ᠬᠡᠷᠡᠭᠲᠡᠢ᠃    ᠭᠤᠷᠪᠠ ᠳᠤ᠂ ᠡᠳ᠋ ᠤᠨ ᠵᠠᠰᠠᠭ ᠤᠨ ᠭᠤᠯᠳᠤ ᠴᠢᠭᠯᠡᠯ ᠢᠶᠠᠷ ᠨᠥᠬᠦᠪᠥᠷᠢᠯᠡᠬᠦ ᠶᠢ ᠵᠢᠷᠤᠮᠵᠢᠭᠤᠯᠤᠨ᠎ᠠ᠃ ᠤᠯᠤᠰ ᠠᠴᠠ ᠡᠳ᠋ ᠤᠨ ᠵᠠᠰᠠᠭ ᠤᠨ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠬᠤᠯᠠ ᠠᠮᠢ ᠠᠬᠤᠢ ᠶᠢᠨ ᠣᠷᠴᠢᠨ ᠲᠣᠭᠤᠷᠢᠨ ᠤ ᠴᠢᠬᠤᠯᠠ ᠬᠦᠴᠦᠨ ᠵᠦᠢᠯ ᠤᠨ ᠬᠠᠮᠠᠭᠠᠯᠠᠯᠲᠠ ᠶᠢ ᠥᠷᠨᠢᠭᠦᠯᠬᠦ ᠵᠢᠴᠢ ᠠᠮᠢ ᠠᠬᠤᠢ ᠶᠢᠨ ᠴᠢᠳᠠᠮᠵᠢ ᠶᠢᠨ ᠴᠢᠬᠤᠯᠠ ᠣᠷᠣᠨ ᠪᠦᠰᠡ ᠳᠤ ᠠᠮᠢ ᠠᠬᠤᠢ ᠶᠢᠨ ᠬᠠᠮᠠᠭᠠᠯᠠᠯᠲᠠ ᠶᠢ ᠥᠷᠨᠢᠭᠦᠯᠬᠦ ᠨᠢᠭᠡᠴᠡ ᠪᠣᠯᠤᠨ ᠬᠤᠪᠢ ᠬᠥᠮᠦᠨ ᠳᠤ ᠨᠥᠬᠦᠪᠥᠷᠢ ᠣᠯᠭᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠥᠬᠦᠪᠥᠷᠢ ᠥᠭᠬᠦ ᠪᠡᠯᠡ ᠮᠥᠩᠭᠦ ᠪᠠᠨ ᠠᠮᠢ ᠠᠬᠤᠢ ᠶᠢᠨ ᠬᠠᠮᠠᠭᠠᠯᠠᠯᠲᠠ ᠶᠢ ᠥᠷᠨᠢᠭᠦᠯᠬᠦ ᠨᠢᠭᠡᠴᠢ ᠪᠠ ᠬᠤᠪᠢ ᠬᠥᠮᠦᠨ ᠳᠤ ᠴᠠᠭ ᠲᠤᠬᠠᠢ ᠳᠤᠨᠢ ᠨᠥᠬᠦᠪᠥᠷᠢᠯᠡᠬᠦ ᠬᠡᠷᠡᠭᠲᠡᠢ︔ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠨ ᠬᠡᠷᠡᠭᠯᠡᠬᠦ ᠪᠡᠯᠡ ᠮᠥᠩᠭᠦ ᠶᠢ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠪᠠ ᠵᠠᠰᠠᠨ ᠰᠡᠷᠭᠦᠭᠡᠬᠦ ᠵᠡᠷᠭᠡ ᠳᠤ ᠤᠷᠢᠳᠠᠪᠠᠷ ᠬᠡᠷᠡᠭᠯᠡᠬᠦ ᠬᠡᠷᠡᠭᠲᠡᠢ᠃    ᠳᠥᠷᠪᠡ ᠳᠤ᠂ ᠭᠠᠵᠠᠷ ᠣᠷᠣᠨ ᠤ ᠬᠤᠭᠤᠷᠣᠨᠳᠣᠬᠢ ᠬᠥᠨᠳᠡᠯᠡᠨ ᠨᠥᠬᠦᠪᠥᠷᠢ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠠᠰᠢᠭ ᠬᠦᠷᠲᠡᠬᠦ ᠭᠠᠵᠠᠷ ᠣᠷᠣᠨ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠵᠥᠪᠳᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠴᠢᠳᠠᠮᠵᠢ ᠪᠠᠷ ᠣᠨᠴᠣᠭᠤᠢ ᠴᠢᠬᠤᠯᠠ ᠣᠷᠣᠨ ᠪᠦᠰᠡ ᠳᠤ ᠥᠷᠨᠢᠭᠦᠯᠦᠭᠰᠡᠨ ᠭᠠᠵᠠᠷ ᠣᠷᠣᠨ ᠤ ᠬᠤᠭᠤᠷᠣᠨᠳᠣᠬᠢ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠨᠥᠬᠦᠪᠥᠷᠢ ᠶᠢ ᠥᠷᠨᠢᠭᠦᠯᠦᠭᠰᠡᠨ ᠳᠤ ᠲᠥᠪ ᠤᠨ ᠡᠳ᠋ ᠤᠨ ᠵᠠᠰᠠᠭ ᠪᠣᠯᠤᠨ ᠮᠤᠵᠢ ᠶᠢᠨ ᠱᠠᠲᠤᠨ ᠤ ᠡᠳ᠋ ᠤᠨ ᠵᠠᠰᠠᠭ ᠠᠴᠠ ᠬᠥᠲᠥᠯᠥᠨ ᠵᠢᠯᠣᠭᠤᠳᠴᠤ ᠳᠡᠮᠵᠢᠵᠦ ᠪᠣᠯᠤᠨ᠎ᠠ︔ ᠨᠥᠬᠦᠪᠥᠷᠢᠯᠡᠬᠦ ᠲᠣᠭᠲᠠᠴᠠ ᠶᠢᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠤᠭᠰᠠᠨ ᠪᠣᠯ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠲᠥᠯᠥᠪᠵᠢᠭᠦᠯᠭᠡ᠂ ᠪᠡᠯᠡ ᠮᠥᠩᠭᠦ᠂ ᠲᠥᠷᠥᠯ ᠵᠦᠢᠯ ᠤᠨ ᠲᠣᠬᠢᠷᠠᠭᠤᠯᠤᠯᠲᠠ ᠵᠡᠷᠭᠡ ᠲᠠᠯ᠎ᠠ ᠪᠠᠷ ᠵᠣᠬᠢᠰᠲᠠᠢ ᠳᠡᠮᠵᠢᠯᠭᠡ ᠦᠵᠡᠭᠦᠯᠵᠦ ᠪᠣᠯᠤᠨ᠎ᠠ᠃     ᠲᠠᠪᠤ ᠳᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠨᠥᠬᠦᠪᠥᠷᠢ ᠶᠢ ᠠᠬᠢᠭᠤᠯᠬᠤ ᠶᠢ ᠵᠣᠷᠢᠭᠵᠢᠭᠤᠯᠤᠨ᠎ᠠ᠃ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠬᠦᠴᠦᠨ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠨᠤᠭᠤᠳ ᠵᠠᠬ᠎ᠠ ᠳᠡᠯᠭᠡᠭᠦᠷ ᠤᠨ ᠳᠦᠷᠢᠮ ᠤᠨ ᠶᠣᠰᠣᠭᠠᠷ᠂ ᠠᠮᠢ ᠠᠬᠤᠢ ᠶᠢᠨ ᠦᠢᠯᠡᠳᠬᠦᠨ ᠪᠣᠯᠤᠨ ᠦᠢᠯᠡᠴᠢᠯᠡᠭᠡᠨ ᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠶᠢ ᠥᠷᠨᠢᠭᠦᠯᠬᠦ ᠶᠢ ᠵᠣᠷᠢᠭᠵᠢᠭᠤᠯᠤᠨ᠎ᠠ᠃ ᠨᠡᠶᠢᠭᠡᠮ ᠤᠨ ᠪᠡᠯᠡ ᠮᠥᠩᠭᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠨ ᠠᠵᠢᠯᠯᠠᠬᠤ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠰᠠᠭᠤᠷᠢ ᠮᠥᠩᠭᠦ ᠶᠢ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠳᠤ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠣᠷᠣᠯᠴᠠᠭᠤᠯᠬᠤ ᠬᠡᠷᠡᠭᠲᠡᠢ᠃    ᠵᠢᠷᠭᠤᠭ᠎ᠠ ᠳᠤ᠂ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠪᠡᠯᠡ ᠮᠥᠩᠭᠦ ᠶᠢ ᠴᠠᠭ ᠲᠤᠬᠠᠢ ᠳᠤᠨᠢ ᠪᠠᠭᠤᠯᠭᠠᠬᠤ ᠪᠠ ᠬᠢᠨᠠᠨ ᠰᠠᠯᠭᠠᠨ ᠥᠭᠬᠦ ᠬᠡᠷᠡᠭᠲᠡᠢ᠂ ᠪᠡᠯᠡ ᠮᠥᠩᠭᠦ ᠶᠢ ᠳᠤᠮᠳᠠ ᠠᠴᠠ ᠨᠢ ᠲᠠᠰᠤᠳᠠᠨ ᠦᠯᠡᠳᠡᠭᠡᠭᠰᠡᠨ᠂ ᠡᠵᠡᠯᠡᠨ ᠬᠡᠷᠡᠭᠯᠡᠭᠰᠡᠨ᠂ ᠨᠡᠭᠦᠯᠭᠡᠨ ᠬᠡᠷᠡᠭᠯᠡᠭᠰᠡᠨ᠂ ᠥᠷᠢᠲᠦᠭᠰᠡᠨ ᠪᠤᠶᠤ ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠢ ᠮᠥᠷᠲᠡᠭᠡᠨ ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠣᠯ ᠪᠡᠯᠡ ᠮᠥᠩᠭᠦ ᠶᠢ ᠬᠤᠶᠢᠰᠢᠯᠠᠭᠤᠯᠤᠨ ᠰᠠᠯᠭᠠᠨ ᠥᠭᠬᠦ᠂ ᠬᠠᠰᠤᠵᠤ ᠥᠭᠬᠦ᠂ ᠰᠠᠯᠭᠠᠨ ᠥᠭᠬᠦ ᠶᠢ ᠵᠣᠭᠰᠣᠭᠠᠬᠤ ᠪᠤᠶᠤ ᠨᠡᠬᠡᠮᠵᠢᠯᠡᠨ ᠠᠪᠴᠤ ᠪᠣᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠤᠨ ᠪᠠᠶᠢᠳᠠᠯ ᠢ ᠬᠠᠤᠯᠢ ᠶᠣᠰᠣᠭᠠᠷ ᠴᠠᠭ ᠲᠤᠬᠠᠢ ᠳᠤᠨᠢ ᠢᠯᠡ ᠪᠣᠯᠭᠠᠵᠤ᠂ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠬᠢᠨᠠᠨ ᠪᠣᠳᠣᠬᠤ ᠪᠠᠶᠢᠭᠤᠯᠭ᠎ᠠ ᠠᠴᠠ ᠬᠠᠤᠯᠢ ᠶᠣᠰᠣᠭᠠᠷ ᠬᠢᠨᠠᠨ ᠪᠣᠳᠣᠵᠤ ᠬᠢᠨᠠᠯᠲᠠ ᠲᠠᠯᠪᠢᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号