ᠯᠢ ᠴᠢᠶᠠᠩ ᠮᠢᠺᠷᠤᠨᠧᠰᠢᠶ᠎ᠠ ᠶᠢᠨ ᠬᠤᠯᠪᠣᠭᠠᠨ ᠤ ᠶᠡᠷᠦᠩᠬᠡᠶᠢᠯᠡᠭᠴᠢ ᠰᠢᠮᠢᠨᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/11
   ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 10 ᠤ ᠡᠳᠦᠷ ᠤᠨ ᠣᠢᠲᠠ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠳᠦᠷᠤ ᠶᠢᠨ ᠠᠶᠢᠯᠴᠢᠯᠠᠯᠲᠠ ᠬᠢᠬᠦ ᠮᠢᠺᠷᠤᠨᠧᠰᠢᠶ᠎ᠠ ᠶᠢᠨ ᠬᠤᠯᠪᠣᠭᠠᠨ ᠤ  ᠶᠡᠷᠦᠩᠬᠡᠶᠢᠯᠡᠭᠴᠢ ᠰᠢᠮᠢᠨᠠ ᠲᠠᠢ ᠠᠭᠤᠯᠵᠠᠪᠠ᠃
9545.jpg    ᠯᠢ ᠴᠢᠶᠠᠩ ᠬᠡᠯᠡᠬᠦ ᠳᠡᠭᠡᠨ᠂ ᠳᠤᠮᠳᠠᠳᠤ ᠤᠯᠤᠰ ᠪᠣᠯᠤᠨ ᠮᠢᠺᠷᠤᠨᠧᠰᠢᠶ᠎ᠠ ᠬᠤᠶᠠᠷ ᠤᠯᠤᠰ ᠤᠨ ᠬᠠᠷᠢᠴᠠᠭ᠎ᠠ
ᠪᠠᠶᠢᠭᠤᠯᠤᠭᠳᠠᠭᠰᠠᠨ 35 ᠵᠢᠯ ᠤᠨ ᠲᠤᠷᠰᠢ᠂ ᠬᠤᠶᠠᠷ ᠤᠯᠤᠰ ᠤᠨ ᠬᠠᠷᠢᠴᠠᠭ᠎ᠠ ᠲᠦᠷᠭᠡᠨ ᠬᠥᠭᠵᠢᠵᠦ᠂ ᠳᠤᠮᠳᠠᠳᠤ ᠨᠢᠭᠤᠴᠠ ᠨᠥᠬᠦᠷᠯᠡᠯ ᠶᠠᠪᠤᠬᠤ ᠲᠤᠰᠤᠮ ᠪᠠᠲᠤᠵᠢᠵᠤ᠂ ᠡᠯᠪᠡᠭ ᠦᠷ᠎ᠡ ᠪᠦᠲᠦᠮᠵᠢ ᠣᠯᠵᠠᠢ᠃ ᠥᠴᠥᠭᠡᠳᠦᠷ᠂ ᠲᠡᠷᠢᠭᠦᠯᠡᠭᠴᠢ ᠰᠢ ᠶᠢᠨ ᠫᠢᠩ ᠶᠡᠷᠦᠩᠬᠡᠶᠢᠯᠡᠭᠴᠢ ᠠᠪᠤᠭᠠᠢ ᠲᠠᠢ ᠬᠡᠯᠡᠯᠴᠡᠭᠡ ᠬᠢᠵᠦ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠪᠠ᠃ ᠳᠤᠮᠳᠠᠳᠤ ᠤᠯᠤᠰ ᠳᠤᠷᠠᠲᠠᠶ᠎ᠠ ᠨᠢᠭᠤᠴᠠ ᠲᠠᠯ᠎ᠠ ᠶᠢᠨ ᠬᠢᠨ ᠲᠠᠢ ᠬᠠᠮᠲᠤ ᠪᠠᠷ᠂ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠪᠠᠷ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠪᠣᠯᠭᠠᠵᠤ᠂ ᠤᠯᠠᠮᠵᠢᠯᠠᠯᠲᠤ ᠨᠥᠬᠦᠷᠯᠡᠯ ᠢ ᠪᠠᠳᠠᠷᠠᠭᠤᠯᠵᠤ᠂ ᠤᠯᠤᠰ ᠲᠥᠷᠥ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ᠂ ᠳᠤᠮᠳᠠᠳᠤ ᠨᠢᠭᠤᠴᠠ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃    ᠯᠢ ᠴᠢᠶᠠᠩ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠨᠢᠭᠤᠴᠠ ᠲᠠᠯ᠎ᠠ ᠶᠢᠨ ᠬᠢᠨ ᠤ ᠡᠷᠬᠡ ᠮᠡᠳᠡᠯ ᠢᠶᠠᠨ ᠲᠤᠰᠠᠭᠠᠷ ᠲᠣᠭᠲᠠᠨᠢᠭᠤᠯᠬᠤ᠂ ᠤᠯᠤᠰ ᠤᠨ ᠨᠢᠭᠡᠳᠦᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠢᠮᠠᠭᠲᠠ ᠳᠡᠮᠵᠢᠵᠦ᠂ ᠲᠤᠰ ᠪᠡᠶ᠎ᠡ ᠶᠢᠨ ᠤᠯᠤᠰ ᠤᠨ ᠪᠠᠶᠢᠳᠠᠯ ᠳᠠᠭᠠᠨ ᠨᠡᠶᠢᠴᠡᠭᠰᠡᠨ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠵᠦ᠂ ᠳᠤᠷᠠᠲᠠᠶ᠎ᠠ ᠨᠢᠭᠤᠴᠠ ᠲᠠᠯ᠎ᠠ ᠯᠤᠭ᠎ᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠷᠣ ᠲᠥᠯᠥᠪ ᠤᠨ ᠳᠣᠣᠷ᠎ᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠵᠢᠭᠠᠰᠤᠨ ᠠᠵᠤ ᠠᠬᠤᠢ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠯᠠᠪᠳᠠᠭᠤᠨ ᠪᠠᠲᠤᠲᠠᠢ ᠠᠬᠢᠭᠤᠯᠵᠤ᠂ ᠬᠥᠮᠦᠵᠢᠯ ᠪᠣᠯᠪᠠᠰᠤᠷᠠᠭᠤᠯᠤᠯ᠂ ᠰᠣᠶᠣᠯ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠲᠡᠬᠦ ᠶᠢ ᠨᠡᠩ ᠰᠠᠶᠢᠲᠤᠷ ᠪᠡᠶᠡᠯᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠨᠢᠭᠤᠴᠠ ᠲᠠᠯ᠎ᠠ ᠶᠢᠨ ᠬᠢᠨ ᠲᠠᠢ ᠬᠠᠮᠲᠤ ᠪᠠᠷ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠭᠠᠷ ᠬᠤᠯᠪᠣᠨ ᠠᠷᠭᠠᠴᠠᠭᠠᠵᠤ᠂ ᠣᠯᠠᠨ ᠤᠯᠤᠰ ᠤᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃   ᠰᠢᠮᠢᠨᠠ᠂ ᠮᠢᠺᠷᠤᠨᠧᠰᠢᠶ᠎ᠠ ᠳᠤᠮᠳᠠᠳᠤ ᠬᠤᠶᠠᠷ ᠤᠯᠤᠰ ᠪᠣᠯ ᠦᠨᠡᠨᠴᠢ ᠨᠠᠶᠢᠵᠠ ᠮᠥᠨ᠃ ᠳᠤᠮᠳᠠᠳᠤ ᠤᠯᠤᠰ ᠤᠨ ᠨᠢᠭᠤᠴᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠠᠩᠭᠠᠭᠰᠠᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠤᠨ ᠶᠡᠭᠡ ᠪᠠᠭ᠎ᠠ ᠤᠯᠤᠰ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠮᠳᠠᠳᠤ ᠤᠯᠤᠰ ᠤᠨ ᠬᠥᠭᠵᠢᠯᠲᠡ ᠨᠢ ᠲᠤᠰ ᠪᠡᠶ᠎ᠡ ᠳᠡᠭᠡᠨ ᠪᠤᠶᠠᠨ ᠦᠢᠯᠡᠳᠬᠦ ᠪᠠᠷ ᠪᠠᠷᠠᠬᠤ ᠦᠭᠡᠢ ᠳᠡᠯᠡᠬᠡᠢ ᠳ᠋ᠠᠬᠢᠨ ᠳᠤ ᠴᠤ ᠠᠰᠢᠭ ᠬᠦᠷᠲᠡᠭᠡᠨ᠎ᠡ ᠭᠡᠵᠦ ᠢᠯᠡᠳᠬᠡᠪᠡ᠃ ᠨᠢᠭᠤᠴᠠ ᠲᠠᠯ᠎ᠠ ᠶᠢᠨ ᠬᠢᠨ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠬᠢᠴᠢᠶᠡᠩᠭᠦ᠋ᠢᠯᠡᠨ ᠵᠢᠷᠤᠮᠯᠠᠵᠤ᠂ ᠳᠤᠮᠳᠠᠳᠤ ᠤᠯᠤᠰ ᠤᠨ ᠲᠤᠰ ᠪᠡᠶ᠎ᠡ ᠶᠢᠨ ᠭᠤᠣᠯᠯᠠᠬᠤ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠳᠡᠮᠵᠢᠨ᠎ᠡ᠃ ᠨᠢᠭᠤᠴᠠ ᠲᠠᠯ᠎ᠠ ᠶᠢᠨ ᠬᠢᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠵᠥᠪᠰᠢᠶᠡᠷᠡᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠷᠣ ᠲᠥᠯᠥᠪ ᠤᠨ ᠳᠣᠣᠷ᠎ᠠ ᠲᠠᠷᠢᠶᠠᠯᠠᠩ ᠵᠢᠭᠠᠰᠤᠨ ᠠᠵᠤ ᠠᠬᠤᠢ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠮ ᠡᠮᠨᠡᠯᠭᠡ᠂ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠷ ᠬᠤᠯᠪᠣᠯᠴᠠᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠶᠢᠨ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃    ᠡᠦ ᠵᠧᠩ ᠯᠦᠩ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号