ᠭᠤᠣᠯ ᠨᠠᠭᠤᠷ ᠴᠥᠭᠦᠷᠥᠮ ᠤᠨ ︽ᠳᠥᠷᠪᠡᠨ ᠡᠷᠦᠢ ᠬᠤᠷᠦᠢ ᠦᠬᠡᠢ︾ ᠠᠵᠢᠯ ᠢ ᠠᠬᠢᠭᠤᠯᠵᠤ᠂ ᠬᠦᠴᠦ ᠪᠠᠨ ᠬᠠᠮᠲᠤᠳᠬᠠᠨ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/12
    ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠠᠬᠢᠭᠤᠯᠵᠤ᠂ ᠭᠤᠣᠯ ᠮᠥᠷᠡᠨ᠂ ᠨᠠᠭᠤᠷ ᠴᠥᠭᠦᠷᠥᠮ᠂ ᠤᠰᠤᠨ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠭᠦᠨᠵᠡᠭᠡᠶᠢᠷᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠡᠷᠦᠢ ᠬᠤᠷᠦᠢ ᠦᠬᠡᠢ︾᠎ ᠶᠢ ᠪᠠᠶᠢᠩᠭᠤᠵᠢᠭᠤᠯᠬᠤ᠂ ᠵᠢᠷᠤᠮᠵᠢᠭᠤᠯᠬᠤ ᠶᠢ ᠭᠦᠨᠵᠡᠭᠡᠢ ᠠᠬᠢᠭᠤᠯᠵᠤ᠂ ᠭᠤᠣᠯ ᠮᠥᠷᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠬᠤᠰᠢᠭᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 10᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ ︽ᠬᠠᠪᠤᠷ ᠤᠨ ᠤᠯᠠᠷᠢᠯ︾᠎ ᠤᠨ ᠠᠵᠢᠯᠯᠠᠭ᠎ᠠ ᠶᠢᠨ ᠲᠣᠭᠤᠷᠢᠨ ᠳᠤ᠂ ᠬᠤᠤᠯᠢᠨ ᠭᠤᠣᠯ ᠤᠨ ᠪᠠᠶᠠᠨᠬᠤᠰᠢᠭᠤ ᠪᠠᠯᠭᠠᠰᠤᠨ ᠤ ᠬᠡᠰᠡᠭ ᠲᠤ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠨ ᠢ ᠠᠷᠢᠯᠭᠠᠬᠤ︾ ᠠᠵᠢᠯᠯᠠᠭ᠎ᠠ ᠥᠷᠨᠢᠭᠦᠯᠵᠡᠢ᠃    ᠠᠵᠢᠯᠯᠠᠭ᠎ᠠ ᠶᠢᠨ ᠳᠤᠮᠳᠠ᠂ ᠠᠵᠢᠯᠲᠠᠳ ᠪᠣᠯᠤᠨ ᠰᠠᠶᠢᠨ ᠳᠤᠷ᠎ᠠ ᠶᠢᠨ ᠦᠢᠯᠡᠴᠢᠯᠡᠭᠴᠢᠳ ᠬᠤᠣᠯᠢᠨ ᠭᠤᠣᠯ ᠤᠨ ᠪᠠᠶᠠᠨᠬᠤᠰᠢᠭᠤ ᠪᠠᠯᠭᠠᠰᠤ ᠶᠢᠨ ᠬᠡᠰᠡᠭ ᠤᠨ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠤ ᠡᠯ᠎ᠡ ᠲᠥᠷᠥᠯ ᠤᠨ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠲᠡᠭᠦᠵᠦ᠂ ᠠᠵᠢᠯᠯᠠᠬᠤ ᠲᠡᠷᠭᠡ ᠬᠥᠰᠬᠡ ᠨᠢ ᠭᠤᠣᠯ ᠮᠥᠷᠡᠨ ᠤ ᠬᠥᠪᠡᠭᠡᠨ ᠳᠠᠬᠢ ᠲᠣᠮᠣ ᠬᠡᠯᠪᠡᠷᠢ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ ᠪᠠᠭᠤᠯᠭᠠᠪᠠ᠂ ᠵᠠᠭᠤ ᠰᠢᠬᠠᠮ ᠬᠥᠮᠦᠨ ᠬᠠᠮᠲᠤᠪᠠᠷ ᠣᠷᠣᠯᠴᠠᠵᠤ᠂ ᠬᠠᠮᠲᠤᠪᠠᠷ ᠬᠥᠳᠡᠯᠦᠯᠴᠡᠵᠦ᠂ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠠᠰᠠᠭᠤᠳᠠᠯ ᠢ ᠴᠡᠪᠡᠷᠯᠡᠵᠦ᠂ ᠬᠠᠮᠲᠤᠪᠠᠷ ᠭᠤᠣᠯ ᠮᠥᠷᠡᠨ ᠨᠠᠭᠤᠷ ᠴᠥᠭᠦᠷᠥᠮ ᠤᠨ ᠣᠷᠴᠢᠨ ᠲᠣᠭᠤᠷᠢᠨ ᠢ ᠬᠠᠮᠠᠭᠠᠯᠠᠪᠠ᠃    ᠳᠠᠷᠠᠭ᠎ᠠ ᠨᠢ᠂ ᠰᠠᠶᠢᠨ ᠳᠤᠷ᠎ᠠ ᠶᠢᠨ ᠦᠢᠯᠡᠴᠢᠯᠡᠭᠴᠢ ᠨᠡᠶᠢᠭᠡᠮ ᠲᠣᠭᠤᠷᠢᠭ ᠲᠤ ᠬᠦᠷᠴᠦ᠂ ᠰᠠᠭᠤᠭᠠᠯᠢ ᠠᠷᠠᠳ ᠪᠣᠯᠤᠨ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ︽ᠡᠮᠬᠢ ᠵᠠᠮᠪᠠᠷᠠᠭ᠎ᠠ ᠦᠭᠡᠢ ᠶᠢ ᠠᠷᠢᠯᠭᠠᠬᠤ︾ ᠪᠠ ᠭᠤᠣᠯ ᠮᠥᠷᠡᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠵᠤ᠂ ᠬᠥᠮᠦᠨ ᠪᠦᠬᠦᠨ ᠭᠤᠣᠯ ᠤᠨ ᠵᠠᠮ ᠢ ᠬᠠᠯᠠᠮᠵᠢᠯᠠᠬᠤ᠂ ᠭᠤᠣᠯ ᠤᠨ ᠵᠠᠮ ᠢ ᠨᠠᠨᠳᠢᠩᠨᠠᠬᠤ᠂ ᠭᠤᠣᠯ ᠤᠨ ᠵᠠᠮ ᠢ ᠬᠠᠮᠠᠭᠠᠯᠠᠬᠤ᠂ ᠭᠤᠣᠯ ᠤᠨ ᠵᠠᠮ ᠢ ᠭᠤᠶᠤᠵᠢᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠵᠤ᠂ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾᠎ ᠢᠶᠠᠷ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠵᠠᠰᠠᠯᠲᠠ ᠶᠢ ᠠᠬᠢᠭᠤᠯᠪᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠤᠯᠠᠭᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠣᠣ ᠯᠢ ᠵᠢᠦᠸᠠᠨ᠄ ︽ᠠᠵᠢᠯᠲᠠᠨ ᠤ ᠤᠬᠠᠭᠤᠯᠭ᠎ᠠ ᠪᠠᠷ ᠳᠠᠮᠵᠢᠨ᠂ ᠪᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠪᠠ ᠭᠤᠣᠯ ᠮᠥᠷᠡᠨ ᠤ ᠣᠷᠴᠢᠨ ᠲᠣᠭᠤᠷᠢᠨ ᠢ ᠬᠠᠮᠠᠭᠠᠯᠠᠬᠤ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠠᠢ᠃ ᠬᠤᠶᠢᠰᠢᠳᠠ ᠪᠢ ᠪᠠᠰᠠ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠭᠤᠣᠯ ᠮᠥᠷᠡᠨ ᠤ ᠣᠷᠴᠢᠨ ᠲᠣᠭᠤᠷᠢᠨ ᠢ ᠬᠠᠮᠠᠭᠠᠯᠠᠵᠤ᠂ ᠪᠢᠳᠡᠨ ᠤ ᠬᠠᠮᠲᠤ ᠶᠢᠨ ᠭᠡᠷ ᠣᠷᠣᠨ ᠢᠶᠠᠨ ᠬᠠᠶᠢᠷᠠᠯᠠᠨ ᠬᠠᠮᠠᠭᠠᠯᠠᠨ᠎ᠠ︾ ᠭᠡᠵᠦ ᠬᠡᠯᠡᠪᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠰᠠᠪᠠ ᠭᠠᠵᠠᠷ ᠤᠨ ᠲᠠᠯᠠᠪᠠᠢ ᠨᠢ 50 ᠲᠡᠭᠰᠢ ᠳᠥᠷᠪᠡᠯᠵᠢᠨ ᠺᠢᠯᠣᠮᠧᠳ᠋ᠷ ᠠᠴᠠ ᠳᠡᠭᠡᠭᠰᠢᠬᠢ ᠭᠤᠣᠯ ᠮᠥᠷᠡᠨ 65 ᠵᠤᠷᠪᠤᠰ᠂ 21 ᠨᠠᠭᠤᠷ ᠴᠥᠭᠦᠷᠥᠮ᠂ 4 ᠤᠰᠤᠨ ᠴᠥᠭᠦᠷᠥᠮ ᠪᠠᠶᠢᠵᠤ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠭᠤᠣᠯ ᠮᠥᠷᠡᠨ 7 ᠵᠤᠷᠪᠤᠰ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠢ ᠨᠡᠶᠢᠲᠡ 242 ᠬᠥᠮᠦᠨ᠂ ᠬᠤᠰᠢᠭᠤᠨ ᠤ ᠳᠡᠰ ᠤᠨ 10 ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠢ 7 ᠵᠤᠷᠪᠤᠰ ᠠᠴᠠ ᠳᠡᠭᠡᠭᠰᠢᠬᠢ ᠭᠤᠣᠯ ᠮᠥᠷᠡᠨ ᠨᠠᠭᠤᠷ ᠴᠥᠭᠦᠷᠥᠮ ᠤᠨ ᠶᠡᠷᠦᠩᠬᠡᠢ ᠳᠠᠷᠤᠭ᠎ᠠ᠂ 102 ᠰᠤᠮᠤ ᠪᠠᠯᠭᠠᠰᠤᠨ ᠤ ᠳᠡᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ᠂ 130 ᠭᠠᠴᠠᠭ᠎ᠠ ᠶᠢᠨ ᠲᠠᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃    ︽ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠪᠦᠬᠦ ᠬᠤᠰᠢᠭᠤᠨ ᠤ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠭᠤᠣᠯ ᠮᠥᠷᠡᠨ ᠨᠠᠭᠤᠷ ᠴᠥᠭᠦᠷᠥᠮ ᠢ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︿ᠳᠥᠷᠪᠡᠨ ᠰᠠᠮᠠᠭᠤᠷᠠᠯ﹀᠎ ᠤᠨ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠬᠤᠷᠢᠭᠯᠠᠵᠤ᠂ ᠡᠷᠲᠡ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠲᠤᠬᠠᠢ ᠥᠷᠭᠡᠨ ᠣᠯᠠᠨ ᠲᠦᠮᠡᠨ ᠤ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠤᠣᠯ ᠮᠥᠷᠡᠨ ᠨᠠᠭᠤᠷ ᠴᠥᠭᠦᠷᠥᠮ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠸᠠᠩ ᠶᠥᠩ ᠴᠠᠩ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号