ᠤᠮᠠᠷᠠᠲᠤ ᠬᠢᠯᠢ ᠶᠢᠨ ᠰᠣᠶᠣᠯ ᠤᠨ ᠡᠷᠳᠡᠨ ᠤ ᠨᠤᠮ ᠤᠨ ᠡᠬᠢ ᠪᠠᠶᠠᠯᠢᠭ ᠤᠨ ᠬᠥᠮᠥᠷᠭᠡ ᠶᠢᠨ ᠲᠠᠪᠴᠠᠩ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/12
   3 ᠰᠠᠷ᠎ᠠ ᠶᠢᠨ 31᠎ ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠮᠲᠤᠷᠠᠨ᠂ 3 ᠵᠢᠯ ᠭᠠᠷᠤᠢ ᠶᠢᠨ ᠴᠠᠭ ᠬᠡᠷᠡᠭᠰᠡᠵᠦ ᠰᠤᠳᠤᠯᠤᠨ ᠨᠡᠭᠡᠭᠡᠭᠰᠡᠨ ᠤᠮᠠᠷᠠᠲᠤ ᠬᠢᠯᠢ ᠶᠢᠨ ᠰᠣᠶᠣᠯ ᠤᠨ ᠡᠷᠲᠡᠨ ᠤ ᠨᠤᠮ ᠤᠨ ᠲᠣᠭᠠᠴᠢᠯᠠᠭᠰᠠᠨ ᠲᠠᠪᠴᠠᠩ ᠢ ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠵᠢᠩᠬᠢᠨᠢ ᠪᠠᠷ ᠨᠡᠶᠢᠲᠡᠯᠡᠪᠡ᠃    ᠤᠶᠢᠯᠠᠭᠠᠭᠰᠠᠨ ᠢᠶᠠᠷ᠂ ᠤᠮᠠᠷᠠᠲᠤ ᠬᠢᠯᠢ ᠶᠢᠨ ᠰᠣᠶᠣᠯ ᠤᠨ ᠡᠷᠲᠡᠨ ᠤ ᠨᠤᠮ ᠤᠨ ᠡᠬᠢ ᠪᠠᠶᠠᠯᠢᠭ ᠤᠨ ᠬᠥᠮᠥᠷᠭᠡ ᠶᠢᠨ ᠲᠠᠪᠴᠠᠩ ᠪᠤᠯ ᠦᠨᠳᠦᠰᠦᠲᠡᠨ ᠤ ᠡᠷᠲᠡᠨ ᠤ ᠨᠤᠮ ᠤᠨ ᠶᠡᠷᠦᠩᠬᠡᠶᠢᠯᠡᠭᠰᠡᠨ ᠬᠠᠮᠢᠶᠠᠷᠤᠯᠲᠠ᠂ ᠣᠯᠠᠨ ᠬᠡᠯᠡᠨ ᠤ ᠡᠷᠲᠡᠨ ᠤ ᠨᠤᠮ ᠢ OCR᠎ ᠪᠠᠷ ᠢᠯᠭᠠᠨ ᠳᠠᠨᠢᠬᠤ᠂ ᠡᠷᠲᠡᠨ ᠤ ᠨᠤᠮ ᠢ ᠪᠥᠬᠦ ᠠᠭᠤᠯᠭ᠎ᠠ ᠪᠠᠷ ᠨᠢ ᠬᠠᠶᠢᠬᠤ ᠂ ᠦᠨᠳᠦᠰᠦᠲᠡᠨ ᠤ ᠡᠷᠲᠡᠨ ᠤ ᠨᠤᠮ ᠤᠨ ᠤᠶᠤᠨᠴᠢᠯᠠᠭᠰᠠᠨ ᠵᠠᠳᠠᠯᠤᠯᠲᠠ᠂ ᠦᠨᠳᠦᠰᠦᠲᠡᠨ ᠤ ᠡᠷᠲᠡᠨ ᠤ ᠨᠤᠮ ᠢ ᠲᠣᠮᠣ ᠳ᠋ᠠᠶᠢᠲ᠋ᠠ ᠪᠠᠷ ᠦᠵᠡᠭᠦᠯᠬᠦ᠂ ᠡᠷᠲᠡᠨ ᠤ ᠨᠤᠮ ᠤᠨ ᠵᠢᠷᠤᠭ ᠳᠦᠷᠰᠦ ᠶᠢ ᠵᠠᠰᠠᠨ ᠰᠡᠷᠭᠦᠭᠡᠬᠦ ᠪᠠ ᠦᠨᠳᠦᠰᠦᠲᠡᠨ ᠤ ᠡᠷᠲᠡᠨ ᠤ ᠨᠤᠮ ᠤᠨ ᠮᠡᠳᠡᠯᠭᠡ ᠶᠢᠨ ᠵᠢᠷᠤᠭ ᠤᠨ ᠵᠢᠭᠰᠠᠯ ᠵᠡᠷᠭᠡ ᠰᠢᠰᠲ᠋ᠧᠮ ᠢᠶᠠᠷ ᠨᠢᠭᠡ ᠴᠣᠭᠴᠠ ᠪᠣᠯᠭᠠᠭᠰᠠᠨ ᠲᠣᠮᠣ ᠬᠡᠯᠪᠡᠷᠢ ᠶᠢᠨ ᠨᠡᠶᠢᠯᠡᠯ ᠲᠠᠪᠴᠠᠩ ᠪᠣᠯᠣᠨ᠎ᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠮᠲᠤᠷᠠᠨ ᠮᠣᠩᠭᠤᠯ ᠬᠡᠯᠡᠨ ᠤ ᠡᠷᠲᠡᠨ ᠤ ᠨᠤᠮ ᠢ ᠲᠤᠭᠠᠴᠢᠯᠠᠬᠤ ᠪᠠ ᠬᠠᠮᠢᠶ᠎ᠠ ᠪᠦᠬᠦᠢ ᠣᠶᠤᠨᠴᠢ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠤᠯᠬᠤ ︽ᠮᠣᠩᠭᠤᠯ ᠬᠡᠯᠡᠨ ᠤ ᠡᠷᠲᠡᠨ ᠤ ᠨᠤᠮ ᠤᠨ ᠲᠤᠭᠠᠴᠢᠯᠠᠯᠳᠠ ᠶᠢᠨ ᠢᠨᠵᠧᠨᠧᠷᠢᠩ︾᠎ ᠢ ᠡᠷᠭᠢᠯᠡᠨ ᠥᠷᠨᠢᠭᠦᠯᠪᠡ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ 11291 ᠪᠣᠳᠢ ︵ᠳᠡᠪᠲᠡᠷ︶ ᠮᠣᠩᠭᠤᠯ ᠬᠡᠯᠡᠨ ᠤ ᠡᠷᠳᠡᠨ ᠤ ᠨᠤᠮ᠂ 129 ᠢᠵᠢ ᠬᠤᠪᠣᠷ ᠨᠠᠨᠳᠢᠨ ᠡᠷᠳᠡᠨ ᠤ ᠨᠤᠮ ᠤᠨ ᠪᠥᠬᠦ ᠠᠭᠤᠯᠭ᠎ᠠ ᠶᠢ ᠲᠣᠭᠠᠴᠢᠯᠠᠵᠤ᠂ ᠡᠭᠦᠨ ᠳᠤ 639 ᠲᠦᠮᠡᠨ ᠥᠰᠥᠭ ᠪᠢᠴᠢᠭ᠂ 116.3 ᠲᠦᠮᠡᠨ ᠬᠤᠪᠢ ᠵᠢᠷᠤᠭ ᠳᠦᠷᠰᠦ ᠶᠢ ᠪᠠᠭᠲᠠᠭᠠᠬᠤ ᠶᠢᠨ ᠬᠠᠮᠲᠤ 24 ᠲᠦᠮᠡᠨ ᠵᠤᠷᠪᠤᠰ ᠡᠷᠳᠡᠨ ᠤ ᠨᠤᠮ ᠤᠨ ᠮᠡᠳᠡᠯᠭᠡ ᠶᠢᠨ ᠵᠢᠷᠤᠭ ᠤᠨ ᠵᠢᠭᠰᠠᠯ ᠤᠨ ᠭᠤᠷᠪᠠᠨ ᠡᠰᠢᠲᠦ ᠪᠦᠯᠦᠭ ᠢ ᠪᠠᠶᠢᠭᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号