ᠮᠠᠨ ᠤ ᠤᠷᠤᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠪᠡ
ᠨᠡᠶᠢᠲᠡᠯᠡᠭᠰᠡᠨ ᠴᠠᠭ᠄
2024/4/12
  2 ᠰᠠᠷ᠎ᠠ ᠶᠢᠨ 27᠎ ᠤ ᠦᠳᠡ ᠶᠢᠨ ᠡᠮᠦᠨ᠎ᠡ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠰᠠᠭᠤᠷᠢ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠥᠬᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢ ᠬᠠᠮᠲᠤ ᠪᠠᠷ ᠪᠠᠶᠢᠭᠤᠯᠵᠤ᠂ ᠲᠡᠷᠡ ᠨᠢ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠥᠪᠥᠷ ᠮᠣᠩᠭᠤᠯ ᠳᠠᠬᠢ ᠴᠣᠷ ᠤᠨ ᠭᠠᠭᠴᠠ ᠬᠠᠮᠲᠤᠷᠠᠨ ᠡᠷᠭᠢᠯᠡᠭᠰᠡᠨ ᠰᠤᠷᠭᠠᠭᠤᠯᠢ ᠪᠣᠯᠤᠭᠰᠠᠨ ᠪᠠᠶᠢᠨ᠎ᠠ᠃   ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠎ ᠳᠤ ᠦᠨᠳᠦᠰᠦᠯᠡᠨ᠂ ᠬᠥᠬᠡᠬᠤᠲᠠ ᠶᠢᠨ ᠰᠠᠶᠢᠬᠠᠨ ᠲᠣᠭᠤᠷᠢᠭ ᠲᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠣᠷᠣᠭᠤᠯᠤᠨ ᠠᠪᠴᠢᠷᠠᠵᠤ᠂ ᠤᠤᠯ ᠤᠨ ᠰᠢᠯᠢ ᠶᠢᠨ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠹᠤᠩᠵᠸᠦ ᠵᠠᠮ ᠤᠨ ᠬᠤᠪᠢᠶᠠᠷᠢ ᠰᠤᠷᠭᠠᠭᠤᠯᠢ ᠶᠢᠨ ᠨᠡᠷ᠎ᠡ ᠶᠢ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠥᠬᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠭᠡᠵᠦ ᠬᠠᠯᠠᠪᠠ᠃ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠶᠡᠷᠦᠩᠬᠡᠢ ᠵᠠᠬᠢᠷᠤᠯ ᠴᠢᠦᠢ ᠵᠢᠶᠠᠨ ᠬᠤᠸᠠ ᠶᠢ ᠲᠡᠷᠢᠭᠦᠨ ᠲᠤᠰᠬᠠᠢ ᠮᠡᠷᠭᠡᠵᠢᠯᠲᠡᠨ ᠢᠶᠠᠷ ᠰᠣᠩᠭᠤᠨ ᠲᠣᠮᠢᠯᠠᠵᠤ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠯᠢᠦ ᠢ ᠵᠢᠩ ᠢ ᠰᠢᠨᠵᠢᠯᠡᠭᠡ ᠰᠤᠳᠤᠯᠭᠠᠨ ᠤ ᠳᠡᠳ᠋ ᠵᠠᠬᠢᠷᠤᠯ ᠢᠶᠠᠷ ᠲᠣᠮᠢᠯᠠᠪᠠ᠃ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠤᠤᠯ ᠤᠨ ᠨᠠᠮ ᠤᠨ ᠶᠡᠷᠦᠩᠬᠡᠢ ᠡᠭᠦᠷ ᠤᠨ ᠱᠦᠵᠢ ᠴᠧᠨ ᠰᠤ ᠴᠢᠨ ᠪᠣᠯᠣᠨ ᠳᠡᠳ᠋ ᠵᠠᠬᠢᠷᠤᠯ ᠮᠠ ᠹᠧᠩ ᠬᠤᠸᠠ ᠶᠢ ᠲᠤᠰ ᠲᠤᠰ ᠰᠤᠷᠭᠠᠭᠤᠯᠢ ᠶᠢᠨ ᠵᠠᠬᠢᠷᠤᠯ ᠪᠣᠯᠣᠨ ᠳᠡᠳ᠋ ᠵᠠᠬᠢᠷᠤᠯ ᠢᠶᠠᠷ ᠰᠤᠷᠭᠠᠭᠤᠯᠢ ᠳᠤ ᠰᠠᠭᠤᠯᠭᠠᠨ ᠬᠠᠮᠢᠶᠠᠷᠤᠭᠤᠯᠬᠤ ᠪᠠᠷ ᠰᠣᠩᠭᠤᠨ ᠲᠣᠮᠢᠯᠠᠪᠠ᠃ ᠳᠤᠰ ᠰᠤᠷᠭᠠᠭᠤᠯᠢ ᠶᠢ ︽ᠳᠡᠷᠢᠬᠦᠨ ᠤ ᠵᠢᠭᠠᠨ ᠰᠤᠷᠭᠠᠯᠳᠠ ᠶᠢᠨ ᠲᠥᠬᠦᠭᠡᠷᠦᠮᠵᠢ᠂ ᠳᠡᠷᠢᠬᠦᠨ ᠤ ᠬᠠᠮᠢᠶᠠᠷᠤᠯᠲᠠ ᠶᠢᠨ ᠪᠦᠯᠬᠦᠮ᠂ ᠳᠡᠷᠢᠬᠦᠨ ᠤ ᠪᠠᠭᠰᠢ ᠶᠢᠨ ᠪᠦᠯᠬᠦᠮ᠂ ᠳᠡᠷᠢᠬᠦᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠲᠠᠢ︾ ᠪᠥᠬᠦ ᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠳᠤ ᠰᠢᠯᠢᠳᠡᠭ ᠬᠡᠪ ᠳᠠᠭᠤᠷᠢᠶᠠᠯ ᠪᠤᠯᠬᠤ ᠰᠤᠷᠭᠠᠭᠤᠯᠢ ᠪᠤᠯᠭᠠᠨ ᠴᠢᠷᠮᠠᠶᠢᠨ ᠪᠠᠶᠢᠭᠤᠯᠬᠤ ᠶᠢᠨ ᠬᠠᠮᠲᠤ ᠬᠥᠬᠡᠬᠤᠲᠠ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠲᠠᠰ ᠳᠡᠪᠰᠢᠬᠦ᠂ ᠥᠪᠡᠷᠮᠢᠴᠡ ᠣᠨᠴᠠᠯᠢᠭ ᠲᠠᠢ ᠪᠣᠯᠬᠤ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ ᠨᠥᠯᠥᠭᠡᠯᠡᠨ ᠲᠠᠶᠢᠴᠢᠯᠠᠬᠤ ᠪᠤᠯᠤᠨ᠎ᠠ᠃   ︽ᠪᠢᠳᠠ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠠᠨᠳᠤᠰᠢ ᠪᠣᠯᠣᠨ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠰᠢᠨᠵᠢᠯᠡᠭᠡ ᠰᠤᠳᠤᠯᠭᠠᠨ ᠪᠣᠯᠣᠨ ᠦᠢᠯᠡᠳᠦᠯᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠭᠰᠢ ᠶᠢ ᠬᠥᠮᠥᠵᠢᠭᠦᠯᠬᠦ᠂ ᠰᠤᠷᠤᠭᠴᠢ ᠶᠢ ᠬᠥᠮᠥᠵᠢᠭᠦᠯᠬᠦ᠂ ᠰᠤᠷᠭᠠᠭᠤᠯᠢ ᠶᠢᠨ ᠣᠨᠴᠠᠯᠢᠭ ᠢ ᠲᠤᠪᠤᠶᠢᠯᠭᠠᠬᠤ ᠵᠡᠷᠭᠡ ᠲᠠᠯ᠎ᠠ ᠪᠠᠷ ᠬᠦᠴᠦᠯᠡᠵᠦ᠂ ᠨᠡᠶᠢᠰᠯᠡᠯ ᠤᠨ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠷᠭ᠎ᠠ ᠵᠡᠷᠭᠡ ᠶᠢ ᠣᠷᠣᠨ ᠤ ᠲᠥᠪ ᠲᠤ ᠬᠦᠷᠭᠡᠵᠦ᠂ ᠰᠤᠷᠭᠠᠭᠤᠯᠢ ᠶᠢᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠨ᠎ᠡ︾ ᠬᠡᠵᠦ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠥᠬᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠴᠧᠨ ᠰᠤ ᠴᠢᠨ ᠲᠠᠨᠢᠯᠴᠠᠭᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号