ᠮᠠᠨ ᠤ ᠣᠷᠣᠨ ᠤ 9 ᠶᠡᠭᠡ ᠳᠡᠭᠡᠳᠦ ᠰᠤᠷᠭᠠᠭᠤᠯᠢ ︽ᠳᠤᠮᠳᠠᠳᠤ ᠠᠷᠠᠪ ᠤᠨ ᠶᠡᠭᠡ ᠳᠡᠭᠡᠳᠦ ᠰᠤᠷᠭᠠᠭᠤᠯᠢ ᠶᠢᠨ 10+10᠎ ᠶᠢᠨ ᠬᠠᠮᠲᠤᠷᠠᠯᠴᠠᠭᠠᠨ ᠤ ᠲᠥᠯᠥᠪᠯᠡᠭᠡ︾᠎ ᠳᠤ ᠰᠣᠩᠭᠤᠭᠳᠠᠵᠠᠢ
ᠨᠡᠶᠢᠲᠡᠯᠡᠭᠰᠡᠨ ᠴᠠᠭ᠄
2024/4/12
  ᠣᠶᠢᠷ᠎ᠠ ᠳᠤ᠂ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ︽ᠳᠤᠮᠳᠠᠳᠤ ᠠᠷᠠᠪ ᠤᠨ ᠶᠡᠭᠡ ᠳᠡᠭᠡᠳᠦ ᠰᠤᠷᠭᠠᠭᠤᠯᠢ ᠶᠢᠨ 10+10 ᠬᠠᠮᠲᠤᠷᠠᠯᠴᠠᠭᠠᠨ ᠤ ᠲᠥᠯᠥᠪᠯᠡᠭᠡ︾᠎ ᠶᠢᠨ ᠳᠤᠮᠳᠠᠳᠤ ᠶᠢᠨ ᠲᠠᠯ᠎ᠠ ᠶᠢᠨ ᠳᠠᠭᠠᠭᠤᠯᠤᠭᠴᠢ ᠶᠡᠭᠡ ᠳᠡᠭᠡᠳᠦ ᠰᠤᠷᠭᠠᠭᠤᠯᠢ ᠪᠠ ᠬᠡᠰᠢᠬᠦᠨ ᠨᠢᠬᠡᠴᠢ ᠪᠤᠯᠬᠤ ᠶᠡᠭᠡ ᠳᠡᠭᠡᠳᠦ ᠰᠤᠷᠭᠠᠭᠤᠯᠢ ᠶᠢᠨ ᠨᠡᠷᠡᠰ ᠢ ᠨᠡᠶᠢᠲᠡᠯᠡᠯ᠎ᠠ᠃ ᠡᠭᠦᠨ ᠳᠤ ᠮᠠᠨ ᠤ ᠣᠷᠣᠨ ᠤ 9 ᠰᠤᠷᠭᠠᠭᠤᠯᠢ ᠪᠦᠷᠢᠯᠳᠦᠭᠦᠨ ᠨᠢᠬᠡᠴᠢ ᠶᠢᠨ ᠶᠡᠭᠡ ᠳᠡᠭᠡᠳᠦ ᠰᠤᠷᠭᠠᠭᠤᠯᠢ ᠳᠤ ᠰᠣᠩᠭᠤᠭᠳᠠᠨ ᠤᠷᠤᠭᠰᠠᠨ ᠪᠠᠶᠢᠨ᠎ᠠ᠃   ᠮᠡᠳᠡᠭᠡ ᠵᠠᠩᠭᠢ ᠴᠢᠮᠡᠭᠡ ᠬᠤᠯᠪᠤᠭᠠᠨ ᠤ ᠬᠦᠷᠢᠶᠡᠨ ᠳᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠡᠯᠧᠺᠳ᠋ᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠣᠩᠭᠤᠭᠳᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠤᠯᠠᠭᠠᠨᠬᠠᠳᠠ ᠶᠢᠨ ᠳᠡᠭᠡᠳᠦ ᠰᠤᠷᠭᠠᠭᠤᠯᠢ ᠰᠤᠩᠭᠤᠭᠳᠠᠵᠤ᠂ ᠪᠣᠯᠪᠠᠰᠤᠨ ᠵᠠᠷᠢᠯᠴᠠᠭ᠎ᠠ ᠶᠢᠨ ᠬᠦᠷᠢᠶᠡᠨ ᠳᠤ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠤᠩᠭᠤᠭᠳᠠᠪᠠ︔ ᠪᠣᠬᠢᠷᠲᠤᠯ ᠦᠭᠡᠢ ᠰᠢᠨ᠎ᠡ ᠶᠢ ᠡᠭᠦᠳᠬᠦ ᠬᠦᠷᠢᠶᠡᠨ ᠳᠤ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠰᠤᠩᠭᠤᠭᠳᠠᠵᠤ᠂ ᠡᠨᠧᠷᠭᠢ ᠶᠢᠨ ᠬᠡᠯᠪᠡᠷᠢ ᠶᠢ ᠬᠤᠪᠢᠷᠠᠭᠤᠯᠬᠤ ᠬᠦᠷᠢᠶᠡᠨ ᠳᠤ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠤᠩᠭᠤᠭᠳᠠᠪᠠ᠃    ︽ᠳᠤᠮᠳᠠᠳᠤ ᠠᠷᠠᠪ ᠤᠨ ᠶᠡᠭᠡ ᠳᠡᠭᠡᠳᠦ ᠰᠤᠷᠭᠠᠭᠤᠯᠢ ᠶᠢᠨ 10+10᠎ ᠶᠢᠨ ᠬᠠᠮᠲᠤᠷᠠᠯᠴᠠᠭᠠᠨ ᠤ ᠲᠥᠯᠥᠪᠯᠡᠭᠡ︾ ᠪᠣᠯ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠲᠦᠷᠦᠭᠦᠴᠦᠳ ᠤᠨ ᠬᠤᠷᠠᠯ ᠳᠡᠭᠡᠷ᠎ᠡ ᠳᠤᠷᠠᠳᠤᠭᠰᠠᠨ ᠳᠤᠮᠳᠠᠳᠤ ᠠᠷᠠᠪ ᠤᠨ ᠬᠠᠮᠲᠤᠷᠠᠯᠴᠠᠭᠠᠨ ᠤ ︽ᠨᠠᠢᠮᠠᠨ ᠶᠡᠭᠡ ᠬᠠᠮᠲᠤ ᠶᠢᠨ ᠠᠵᠢᠯᠯᠠᠭ᠎ᠠ︾᠎ ᠶᠢᠨ ︽ᠵᠠᠯᠠᠭᠤᠴᠤᠳ ᠤᠨ ᠴᠢᠳᠠᠪᠤᠷᠢᠲᠠᠨ ᠪᠣᠯᠬᠤ ᠬᠠᠮᠲᠤ ᠶᠢᠨ ᠠᠵᠢᠯᠯᠠᠭ᠎ᠠ︾᠎ ᠶᠢᠨ ᠰᠠᠨᠠᠭᠠᠴᠢᠯᠠᠭ᠎ᠠ ᠶᠢ ᠦᠨᠳᠦᠰᠦᠯᠡᠨ ᠡᠬᠢᠯᠡᠭᠦᠯᠦᠭᠰᠡᠨ ᠲᠥᠯᠥᠪᠯᠡᠭᠡ ᠪᠣᠯᠣᠨ᠎ᠠ᠃ ᠰᠤᠷᠭᠠᠨ ᠬᠥᠮᠦᠵᠢᠯ ᠤᠨ ᠶᠠᠮᠤᠨ ᠤ ᠵᠢᠯᠣᠭᠤᠳᠤᠯᠭ᠎ᠠ ᠳᠣᠣᠷ᠎ᠠ᠂ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠪᠣᠯᠣᠨ ᠠᠷᠠᠪ ᠤᠨ ᠶᠡᠭᠡ ᠰᠤᠷᠭᠠᠭᠤᠯᠢ ᠶᠢᠨ ᠨᠡᠶᠢᠭᠡᠮᠯᠢᠭ ︽ᠳᠤᠮᠳᠠᠳᠤ ᠠᠷᠠᠪ ᠤᠨ ᠶᠡᠭᠡ ᠰᠤᠷᠭᠠᠭᠤᠯᠢ ᠶᠢᠨ ᠬᠤᠯᠪᠣᠭ᠎ᠠ︾᠎ ᠶᠢᠨ ᠰᠣᠯᠢᠯᠴᠠᠭᠠᠨ ᠤ ᠲᠣᠭᠲᠠᠴᠠ ᠶᠢ ᠬᠠᠮᠲᠤ ᠪᠠᠷ ᠪᠠᠶᠢᠭᠤᠯᠵᠤ᠂ ᠳᠤᠮᠳᠠᠳᠤ ᠠᠷᠠᠪ ᠤᠨ ᠶᠡᠭᠡ ᠳᠡᠭᠡᠳᠦ ᠰᠤᠷᠭᠠᠭᠤᠯᠢ ᠳᠤ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠪᠠᠶᠢᠭᠤᠯᠤᠨ ᠥᠭᠴᠦ᠂ ᠳᠤᠮᠳᠠᠳᠤ ᠠᠷᠠᠪ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠠᠮᠲᠤ ᠶᠢᠨ ᠬᠥᠭᠵᠢᠯᠲᠡ ᠶᠢ ᠠᠬᠢᠭᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号