ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠣᠭᠴᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/4/12
  ᠲᠦᠷᠦᠬᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠣᠭᠴᠢ ᠶᠢᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠰᠤᠷᠭᠠᠭᠤᠯᠢ ᠳᠤ ᠶᠠᠪᠤᠭᠳᠠᠪᠠ᠃ ᠪᠥᠬᠦ ᠣᠷᠣᠨ ᠤ 12 ᠠᠶᠢᠮᠠᠭ ᠬᠤᠲᠠ ᠠᠴᠠ ᠬᠦᠷᠦᠯᠴᠡᠨ ᠢᠷᠡᠭᠰᠡᠨ 111 ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠣᠭᠴᠢ ᠲᠤᠰ ᠤᠳᠠᠭ᠎ᠠ ᠶᠢᠨ ᠱᠠᠩᠨᠠᠯ ᠤᠯᠭᠤᠬᠤ ᠶᠤᠰᠤᠯᠠᠯ ᠳᠤ ᠤᠷᠤᠯᠴᠠᠵᠠᠢ᠃ ᠲᠤᠰ ᠤᠳᠠᠭ᠎ᠠ ᠶᠢᠨ ᠤᠷᠤᠯᠳᠤᠭᠠᠨ ᠳᠤ ᠤᠷᠤᠯᠳᠤᠭᠠᠨ ᠪᠣᠯᠪᠠᠰᠤᠷᠠᠯ ᠢ ᠤᠶᠠᠯᠳᠤᠭᠤᠯᠬᠤ᠂ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ ᠠᠷᠭ᠎ᠠ ᠬᠡᠯᠪᠡᠷᠢ ᠪᠠᠷ ᠪᠠᠭᠠᠴᠤᠳ ᠤᠨ ᠬᠤᠰᠢᠭᠤᠴᠢ ᠠᠩᠬᠢ ᠶᠢᠨ ᠬᠠᠪᠰᠤᠷᠤᠨ ᠵᠢᠯᠤᠭᠤᠳᠤᠬᠴᠢ ᠶᠢᠨ ᠤᠯᠤᠰ ᠲᠦᠷᠦ ᠶᠢᠨ ᠬᠡᠪ ᠪᠤᠯᠪᠠᠰᠤᠷᠠᠯ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ᠂ ᠪᠠᠭᠠᠴᠤᠳ ᠤᠨ ᠬᠤᠰᠢᠭᠤᠴᠢ ᠠᠩᠬᠢ ᠶᠢᠨ ᠬᠠᠪᠰᠤᠷᠤᠨ ᠵᠢᠯᠤᠭᠤᠳᠤᠬᠴᠢ ᠶᠢᠨ ᠲᠤᠰᠬᠠᠶᠢᠵᠢᠬᠰᠠᠨ᠂ ᠠᠵᠢᠯ ᠮᠡᠷᠭᠡᠵᠢᠭᠰᠡᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠵᠤᠷᠢᠯᠲᠠ ᠪᠠᠨ ᠪᠤᠯᠭᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号