ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠬᠤ ᠶᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2024/4/12
  ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠥᠪᠯᠡᠯ ︽ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠬᠤ ᠶᠢ ᠠᠬᠢᠭᠤᠯᠬᠤ︾ ᠠᠵᠢᠯ ᠲᠥᠷᠥᠯ ᠢᠶᠠᠷ ᠵᠦᠪᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠥᠬᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠬᠤᠷᠠᠯ ᠳᠤ ᠣᠷᠣᠯᠴᠠᠵᠠᠢ᠃   ᠬᠤᠷᠠᠯ ᠳᠤ ᠣᠷᠣᠯᠴᠠᠭᠰᠠᠳ ᠠᠴᠠ ᠲᠣᠰ ᠲᠣᠰ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠤᠨ ᠮᠠᠨ ᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠨᠳᠦᠰᠦᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠰᠡᠳᠬᠢᠴᠡ᠂ ᠠᠷᠭᠠᠴᠠᠭᠠᠬᠤ ᠠᠷᠭ᠎ᠠ ᠬᠡᠮᠵᠢᠶ᠎ᠡ ᠶᠢ ᠲᠠᠨᠢᠯᠴᠠᠭᠤᠯᠬᠤ ᠶᠢᠨ ᠬᠠᠮᠲᠤ ᠪᠠᠶᠢᠴᠠᠭᠠᠨ ᠰᠤᠳᠤᠯᠬᠤ ᠭᠤᠣᠯᠳᠠᠯᠭ᠎ᠠ ᠲᠠᠢ ᠠᠭᠤᠯᠭ᠎ᠠ᠂ ᠠᠷᠭ᠎ᠠ ᠬᠡᠮᠵᠢᠶ᠎ᠡ᠂ ᠠᠯᠬᠤᠮ ᠳᠠᠷᠠᠭ᠎ᠠ ᠶᠢᠨ ᠲᠣᠭᠤᠷᠢᠨ ᠳᠤ ᠠᠷᠭ᠎ᠠ ᠤᠬᠠᠭᠠᠨ ᠳᠡᠪᠰᠢᠬᠦᠯᠵᠦ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ ᠠᠴᠠ᠂ ᠰᠠᠭᠤᠷᠢ ᠰᠤᠷᠭᠠᠨ ᠬᠥᠮᠦᠵᠢᠯ ᠲᠦᠢᠯ ᠤᠨ ᠴᠢᠬᠤᠯᠠ ᠪᠠᠶᠢᠵᠦ᠂ ᠨᠡᠶᠢᠭᠡᠮ ᠤᠨ ᠬᠥᠭᠵᠢᠯᠲᠡ ᠢᠢᠨ ᠪᠠᠶᠢᠳᠠᠯ᠂ ᠬᠥᠮᠥᠨ ᠠᠮᠠ ᠢᠢᠨ ᠳᠦᠷᠦᠯᠲᠡ ᠢᠢᠨ ᠨᠣᠷᠮ᠎ᠠ ᠢᠢᠨ ᠬᠤᠪᠢᠷᠠᠯᠲᠠ ᠪᠣᠯᠣᠨ ᠠᠷᠠᠳ ᠤᠨ ᠰᠤᠷᠭᠠᠨ ᠬᠥᠮᠦᠵᠢᠯ ᠤᠨ ᠬᠡᠷᠡᠭᠴᠡᠭᠡ ᠳᠤ ᠢᠳᠡᠪᠬᠢᠲᠡᠢ ᠪᠠᠷ ᠨᠡᠶᠢᠴᠡᠭᠦᠯᠬᠦ ᠴᠢᠬᠤᠯᠠ ᠲᠠᠢ᠃ ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠤ ᠬᠥᠮᠥᠨ ᠠᠮᠠ ᠶᠢᠨ ᠶᠡᠷᠦᠩᠬᠡᠢ ᠬᠡᠮᠵᠢᠶ᠎ᠡ ᠳᠣᠷᠣᠭᠰᠢᠯᠠᠬᠤ ᠬᠠᠨᠳᠤᠰᠢ ᠲᠠᠢ ᠪᠠᠶᠢᠵᠦ᠂ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠶᠢᠨ ᠦᠷᠡᠵᠢᠯᠳᠡ ᠶᠢᠨ ᠨᠣᠷᠮ᠎ᠠ ᠶᠢᠨ ᠬᠤᠪᠢᠷᠠᠯᠲᠠ ᠶᠢ ᠦᠨᠳᠦᠰᠦᠯᠡᠨ᠂ ᠪᠠᠷᠠᠯᠠᠯᠲᠦ ᠴᠢᠨᠠᠷᠲᠠᠢ ᠪᠠᠶᠢᠷᠢᠰᠢᠭᠤᠯᠤᠯᠲᠠ ᠶᠢ ᠰᠠᠶᠢᠲᠤᠷ ᠬᠢᠵᠦ᠂ ᠣᠷᠣᠨ ᠪᠦᠰᠡ ᠶᠢᠨ ᠬᠥᠮᠥᠨ ᠠᠮᠠ ᠬᠢᠭᠡᠳ ᠰᠤᠷᠭᠠᠨ ᠬᠥᠮᠦᠵᠢᠯ ᠤᠨ ᠡᠬᠢ ᠪᠠᠶᠠᠯᠢᠭ ᠢ ᠵᠣᠬᠢᠴᠠᠩᠭᠤᠢ ᠪᠠᠷ ᠬᠥᠭᠵᠢᠭᠦᠯᠬᠦ ᠲᠣᠭᠲᠠᠴᠠ ᠶᠢ ᠢᠳᠡᠪᠬᠢᠲᠡᠢ ᠪᠠᠶᠢᠭᠤᠯᠤᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠬᠦ ᠶᠢ ᠱᠠᠲᠤ ᠬᠤᠪᠢᠶᠠᠨ ᠠᠬᠢᠭᠤᠯᠵᠤ᠂ ᠬᠤᠲᠠ ᠬᠥᠳᠡᠭᠡ᠂ ᠣᠷᠣᠨ ᠪᠦᠰᠡ ᠵᠢᠴᠢ ᠤᠯᠠᠨ ᠲᠦᠮᠡᠨ ᠤ ᠰᠤᠷᠭᠠᠨ ᠬᠥᠮᠦᠵᠢᠯ ᠭᠥᠷᠳᠡᠬᠦ ᠬᠢᠷᠢ ᠬᠡᠮᠵᠢᠶ᠎ᠡ ᠶᠢᠨ ᠵᠥᠷᠢᠶ᠎ᠡ ᠶᠢ ᠲᠠᠰᠤᠷᠠᠯᠲᠠ ᠦᠭᠡᠢ ᠪᠠᠭᠠᠰᠬᠠᠬᠤ ᠨᠢ ᠴᠢᠬᠤᠯᠠ ᠠᠴᠢ ᠬᠤᠯᠪᠣᠭᠳᠠᠯ ᠲᠠᠢ ᠭᠡᠵᠦ ᠦᠵᠡᠪᠡ᠃ ᠤᠯᠠᠨ ᠢᠶᠠᠷ ᠢᠶᠠᠨ᠂ ᠲᠣᠰ ᠤᠳᠠᠭᠠᠨ ᠤ ᠠᠵᠢᠯ ᠲᠦᠷᠦᠯ ᠢᠶᠠᠷ ᠵᠦᠪᠯᠡᠬᠦ ᠬᠤᠷᠠᠯ ᠤᠨ ᠠᠵᠠ ᠲᠤᠬᠢᠶᠠᠯ ᠢ ᠨᠠᠨᠳᠢᠩᠨᠠᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠨ᠎ᠠ ᠭᠡᠵᠦ ᠢᠯᠡᠷᠬᠡᠶᠢᠯᠡᠵᠡᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号