3 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠮᠲᠤᠷᠠᠨ᠂ 3 ᠵᠢᠯ ᠭᠠᠷᠤᠢ ᠶᠢᠨ ᠴᠠᠭ ᠬᠡᠷᠡᠭᠰᠡᠵᠦ | ᠰᠤᠳᠤᠯᠤᠨ ᠨᠡᠭᠡᠭᠡᠭᠰᠡᠨ ᠤᠮᠠᠷᠠᠲᠤ ᠬᠢᠯᠢ ᠶᠢᠨ ᠰᠣᠶᠣᠯ ᠤᠨ ᠡᠷᠲᠡᠨ ᠤ ᠨᠤᠮ ᠤᠨ ᠲᠣᠭᠠᠴᠢᠯᠠᠭᠰᠠᠨ ᠲᠠᠪᠴᠠᠩ ᠢ | ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠵᠢᠩᠬᠢᠨᠢ ᠪᠠᠷ ᠨᠡᠶᠢᠲᠡᠯᠡᠪᠡ᠃ | ᠤᠶᠢᠯᠠᠭᠠᠭᠰᠠᠨ ᠢᠶᠠᠷ᠂ ᠤᠮᠠᠷᠠᠲᠤ ᠬᠢᠯᠢ ᠶᠢᠨ ᠰᠣᠶᠣᠯ ᠤᠨ ᠡᠷᠲᠡᠨ ᠤ ᠨᠤᠮ ᠤᠨ ᠡᠬᠢ ᠪᠠᠶᠠᠯᠢᠭ ᠤᠨ | ᠬᠥᠮᠥᠷᠭᠡ ᠶᠢᠨ ᠲᠠᠪᠴᠠᠩ ᠪᠤᠯ ᠦᠨᠳᠦᠰᠦᠲᠡᠨ ᠤ ᠡᠷᠲᠡᠨ ᠤ ᠨᠤᠮ ᠤᠨ ᠶᠡᠷᠦᠩᠬᠡᠶᠢᠯᠡᠭᠰᠡᠨ ᠬᠠᠮᠢᠶᠠᠷᠤᠯᠲᠠ᠂ ᠣᠯᠠᠨ | ᠬᠡᠯᠡᠨ ᠤ ᠡᠷᠲᠡᠨ ᠤ ᠨᠤᠮ ᠢ OCR ᠪᠠᠷ ᠢᠯᠭᠠᠨ ᠳᠠᠨᠢᠬᠤ᠂ ᠡᠷᠲᠡᠨ ᠤ ᠨᠤᠮ ᠢ ᠪᠥᠬᠦ ᠠᠭᠤᠯᠭ᠎ᠠ ᠪᠠᠷ ᠨᠢ ᠬᠠᠶᠢᠬᠤ | ᠂ ᠦᠨᠳᠦᠰᠦᠲᠡᠨ ᠤ ᠡᠷᠲᠡᠨ ᠤ ᠨᠤᠮ ᠤᠨ ᠤᠶᠤᠨᠴᠢᠯᠠᠭᠰᠠᠨ ᠵᠠᠳᠠᠯᠤᠯᠲᠠ᠂ ᠦᠨᠳᠦᠰᠦᠲᠡᠨ ᠤ ᠡᠷᠲᠡᠨ ᠤ ᠨᠤᠮ ᠢ | ᠲᠣᠮᠣ ᠳ᠋ᠠᠶᠢᠲ᠋ᠠ ᠪᠠᠷ ᠦᠵᠡᠭᠦᠯᠬᠦ᠂ ᠡᠷᠲᠡᠨ ᠤ ᠨᠤᠮ ᠤᠨ ᠵᠢᠷᠤᠭ ᠳᠦᠷᠰᠦ ᠶᠢ ᠵᠠᠰᠠᠨ ᠰᠡᠷᠭᠦᠭᠡᠬᠦ ᠪᠠ | ᠦᠨᠳᠦᠰᠦᠲᠡᠨ ᠤ ᠡᠷᠲᠡᠨ ᠤ ᠨᠤᠮ ᠤᠨ ᠮᠡᠳᠡᠯᠭᠡ ᠶᠢᠨ ᠵᠢᠷᠤᠭ ᠤᠨ ᠵᠢᠭᠰᠠᠯ ᠵᠡᠷᠭᠡ ᠰᠢᠰᠲ᠋ᠧᠮ ᠢᠶᠠᠷ ᠨᠢᠭᠡ ᠴᠣᠭᠴᠠ | ᠪᠣᠯᠭᠠᠭᠰᠠᠨ ᠲᠣᠮᠣ ᠬᠡᠯᠪᠡᠷᠢ ᠶᠢᠨ ᠨᠡᠶᠢᠯᠡᠯ ᠲᠠᠪᠴᠠᠩ ᠪᠣᠯᠣᠨ᠎ᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠨᠢ | ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠮᠲᠤᠷᠠᠨ ᠮᠣᠩᠭᠤᠯ ᠬᠡᠯᠡᠨ ᠤ | ᠡᠷᠲᠡᠨ ᠤ ᠨᠤᠮ ᠢ ᠲᠤᠭᠠᠴᠢᠯᠠᠬᠤ ᠪᠠ ᠬᠠᠮᠢᠶ᠎ᠠ ᠪᠦᠬᠦᠢ ᠣᠶᠤᠨᠴᠢ ᠲᠠᠪᠴᠠᠩ ᠤᠨ ᠪᠠᠶᠢᠭᠤᠯᠤᠯᠲᠠ ᠶᠢᠨ ᠠᠵᠢᠯ ᠢ | ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠠᠭᠤᠷᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠤᠯᠬᠤ ︽ᠮᠣᠩᠭᠤᠯ ᠬᠡᠯᠡᠨ ᠤ ᠡᠷᠲᠡᠨ ᠤ ᠨᠤᠮ ᠤᠨ ᠲᠤᠭᠠᠴᠢᠯᠠᠯᠳᠠ ᠶᠢᠨ | ᠢᠨᠵᠧᠨᠧᠷᠢᠩ︾ ᠢ ᠡᠷᠭᠢᠯᠡᠨ ᠥᠷᠨᠢᠭᠦᠯᠪᠡ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ 11291 ᠪᠣᠳᠢ ︵ | ᠳᠡᠪᠲᠡᠷ︶ ᠮᠣᠩᠭᠤᠯ ᠬᠡᠯᠡᠨ ᠤ ᠡᠷᠳᠡᠨ ᠤ ᠨᠤᠮ᠂ 129 ᠢᠵᠢ ᠬᠤᠪᠣᠷ ᠨᠠᠨᠳᠢᠨ ᠡᠷᠳᠡᠨ ᠤ ᠨᠤᠮ ᠤᠨ ᠪᠥᠬᠦ | ᠠᠭᠤᠯᠭ᠎ᠠ ᠶᠢ ᠲᠣᠭᠠᠴᠢᠯᠠᠵᠤ᠂ ᠡᠭᠦᠨ ᠳᠤ 639 ᠲᠦᠮᠡᠨ ᠥᠰᠥᠭ ᠪᠢᠴᠢᠭ᠂ 116.3 ᠲᠦᠮᠡᠨ ᠬᠤᠪᠢ ᠵᠢᠷᠤᠭ | ᠳᠦᠷᠰᠦ ᠶᠢ ᠪᠠᠭᠲᠠᠭᠠᠬᠤ ᠶᠢᠨ ᠬᠠᠮᠲᠤ 24 ᠲᠦᠮᠡᠨ ᠵᠤᠷᠪᠤᠰ ᠡᠷᠳᠡᠨ ᠤ ᠨᠤᠮ ᠤᠨ ᠮᠡᠳᠡᠯᠭᠡ ᠶᠢᠨ ᠵᠢᠷᠤᠭ ᠤᠨ | ᠵᠢᠭᠰᠠᠯ ᠤᠨ ᠭᠤᠷᠪᠠᠨ ᠡᠰᠢᠲᠦ ᠪᠦᠯᠦᠭ ᠢ ᠪᠠᠶᠢᠭᠤᠯᠵᠠᠢ᠃ |