ᠤᠮᠠᠷᠠᠲᠤ ᠬᠢᠯᠢ ᠶᠢᠨ ᠰᠣᠶᠣᠯ ᠤᠨ ᠥᠯᠢᠭᠡᠷ ᠢ ᠤᠯᠠᠨ᠎ᠠ ᠰᠤᠨᠤᠷᠳᠠᠭᠤᠯᠤᠨ᠎ᠠ
ᠨᠡᠶᠢᠲᠡᠯᠡᠭᠰᠡᠨ ᠴᠠᠭ᠄
2024/4/12
   ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠣᠨ ︽ᠴᠢᠩ ᠴᠧᠩ ᠬᠠᠮ ᠵᠠᠭᠤᠴᠢᠯᠠᠭᠤᠷ︾ ᠤᠨ ᠬᠠᠮᠲᠤᠷᠠᠨ ᠡᠷᠭᠢᠯᠡᠭᠰᠡᠨ ︽ᠤᠷᠠᠯᠢᠭ ᠤᠨ ᠰᠠᠶᠢᠬᠠᠨ ᠤᠮᠠᠷᠠᠲᠤ ᠬᠢᠯᠢ︾ ᠰᠢᠭᠤᠳ ᠨᠡᠪᠲᠡᠷᠡᠭᠦᠯᠭᠡ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠵᠠᠯᠭᠠᠭ᠎ᠠ ᠪᠠᠷ ᠰᠠᠭᠠᠳᠠᠵᠤ᠂ ︽ᠱᠤᠭᠤᠮᠠᠯ ᠪᠦᠲᠦᠭᠡᠯ ᠳᠠᠬᠢ ᠤᠮᠠᠷᠠᠲᠤ ᠬᠢᠯᠢ ᠶᠢᠨ ᠰᠣᠶᠣᠯ ᠤᠨ ᠢᠯᠡᠷᠡᠯ ᠵᠢᠴᠢ ᠠᠭᠤᠯᠤᠭᠳᠠᠬᠤᠨ︾ ᠂ ︽ᠳᠠᠭᠤᠤ ᠬᠥᠭᠵᠢᠮ ᠤᠨ ᠬᠡᠯᠪᠡᠷᠢ ᠪᠠᠷ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ︾ ᠵᠡᠷᠭᠡ ᠭᠤᠣᠯ ᠰᠡᠳᠦᠪ ᠢᠶᠠᠷ ᠤᠮᠠᠷᠠᠲᠤ ᠬᠢᠯᠢ ᠶᠢᠨ ᠰᠣᠶᠣᠯ ᠤᠨ ᠦᠯᠢᠭᠡᠷ ᠤᠳ ᠢ ᠠᠭᠤᠳᠠᠯᠤᠨ ᠶᠠᠷᠢᠵᠤ᠂ ᠤᠯᠠᠨ ᠤ ᠪᠠᠭ᠋ᠠᠷᠬᠠᠯ ᠢ ᠲᠠᠳᠠᠪᠠ ᠁   ᠲᠦᠷᠦᠭᠦᠬᠡᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠰᠣᠶᠣᠯ ᠤᠨ ᠳᠡᠭᠡᠳᠦ ᠰᠤᠷᠭᠠᠭᠤᠯᠢ ᠶᠢᠨ ᠬᠠᠭᠤᠴᠢ ᠰᠤᠳᠤᠯᠤᠯ ᠤᠨ ᠲᠤᠰᠬᠠᠢ ᠮᠡᠷᠭᠡᠵᠢᠯ ᠤᠨ ᠪᠠᠭᠰᠢ ᠰᠦᠸᠧ ᠮᠢᠩ ᠵᠢᠶᠧ ᠰᠤᠷᠤᠭᠴᠢᠳ ᠢᠶᠠᠨ ᠳᠠᠭᠠᠭᠤᠯᠤᠨ ᠬᠥᠬᠡᠬᠤᠲᠠ ᠶᠢᠨ ᠦᠴᠦᠸᠠᠨ ᠰᠢᠶᠠᠨ ᠤ ᠬᠢᠵᠠᠭᠠᠷ ᠲᠠᠬᠢ ᠤᠮᠠᠷᠠᠲᠤ ᠸᠧᠢ ᠤᠯᠤᠰ ᠤᠨ ᠲᠠᠬᠢᠯᠭ᠎ᠠ ᠶᠢᠨ ᠪᠠᠷᠢᠯᠭ᠎ᠠ ᠶᠢᠨ ᠪᠠᠭᠤᠷᠢ ᠳᠤ ᠬᠦᠷᠴᠦ᠂ ︽ᠲᠡᠦᠬᠡ ᠶᠢᠨ ᠦᠯᠡᠳᠡᠭᠳᠡᠯ ᠢ ᠬᠠᠶᠢᠵᠤ ᠤᠮᠠᠷᠠᠲᠤ ᠬᠢᠯᠢ ᠶᠢᠨ ᠰᠣᠶᠣᠯ ᠢᠶᠠᠨ ᠬᠠᠶᠢᠷᠠᠯᠠᠬᠤᠢ︾ ᠪᠠᠷ ᠭᠤᠣᠯ ᠰᠡᠳᠦᠪ ᠪᠣᠯᠭᠠᠭᠰᠠᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠦᠯ᠎ᠡ᠃   ︽ᠠᠩᠬ᠎ᠠ ᠤᠳᠠᠭ᠎ᠠ ᠬᠠᠭᠤᠴᠢ ᠰᠤᠳᠤᠯᠤᠯ ᠤᠨ ᠪᠠᠷᠢᠯᠭ᠎ᠠ ᠶᠢᠨ ᠭᠠᠵᠠᠷ ᠲᠤ ᠢᠷᠡᠭᠰᠡᠨ᠂ ᠦᠨᠡᠨ ᠪᠤᠳᠠᠳᠠᠢ ᠳᠡᠦᠬᠡ ᠶᠢᠨ ᠦᠯᠡᠳᠡᠭᠳᠡᠯ ᠪᠤᠳᠠᠰ ᠢ ᠦᠵᠡᠬᠡᠳ᠂ ᠲᠠᠬᠢᠯᠭ᠎ᠠ ᠶᠢᠨ ᠰᠣᠶᠣᠯ ᠳᠤ ᠬᠠᠳᠠᠭᠠᠯᠠᠭᠳᠠᠵᠤ ᠪᠠᠶᠢᠭ᠎ᠠ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠳᠤ ᠡᠳᠦᠢ ᠲᠡᠳᠦᠢ ᠤᠶᠢᠯᠠᠭᠠᠯᠳᠠ ᠲᠠᠢ ᠪᠤᠯᠤᠭᠰᠠᠨ︾ ᠭᠡᠵᠦ ᠲᠤᠰ ᠰᠤᠷᠭᠠᠭᠤᠯᠢ ᠶᠢᠨ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠰᠤᠷᠤᠭᠴᠢ ᠵᠠᠩ ᠶᠤᠸᠠᠢ ᠶᠤᠸᠠᠢ ᠶᠠᠷᠢᠵᠤ ᠪᠠᠶᠢᠯ᠎ᠠ᠃   ᠪᠦᠬᠦ ᠣᠷᠣᠨ ᠤ ᠤᠮᠠᠷᠠᠲᠤ ᠬᠢᠯᠢ ᠶᠢᠨ ᠰᠣᠶᠣᠯ ᠤᠨ ᠲᠤᠬᠠᠢ ᠰᠤᠳᠤᠯᠭᠠᠨ ᠤ ᠭᠦᠨᠵᠡᠭᠡᠶᠢᠷᠡᠬᠦ ᠶᠢ ᠳᠠᠭᠠᠯᠳᠤᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠥᠷᠭᠡᠨ ᠤᠯᠠᠨ ᠪᠠᠭᠰᠢ ᠰᠤᠷᠤᠭᠴᠢᠳ ᠥᠪᠡᠷ ᠥᠪᠡᠷ ᠤᠨ ᠲᠤᠰᠬᠠᠢ ᠮᠡᠷᠭᠡᠵᠢᠯ ᠤᠨ ᠬᠦᠷᠢᠶᠡᠨ ᠳᠤ ᠪᠠᠨ ᠤᠮᠠᠷᠠᠲᠤ ᠬᠢᠯᠢ ᠶᠢᠨ ᠰᠣᠶᠣᠯ ᠤᠨ ᠤᠯᠠᠮᠵᠢᠯᠠᠯ ᠪᠠ ᠰᠢᠨ᠎ᠡ ᠶᠢ ᠡᠭᠦᠳᠬᠦ ᠴᠢᠨᠠᠷᠲᠠᠢ ᠰᠤᠳᠤᠯᠭᠠᠨ ᠢ ᠲᠠᠰᠤᠷᠠᠯᠲᠠ ᠦᠭᠡᠢ ᠦᠷᠨᠢᠭᠦᠯᠵᠦ᠂ ᠤᠮᠠᠷᠠᠲᠤ ᠶᠢᠨ ᠡᠬᠡ ᠭᠠᠵᠠᠷ ᠲᠤ ᠦᠨᠳᠦᠰᠦᠯᠡᠭᠰᠡᠨ ᠰᠢᠯᠢᠳᠡᠭ ᠰᠣᠶᠣᠯ ᠤᠨ ᠠᠮᠢᠵᠢᠷᠠᠯ ᠤᠨ ᠬᠦᠴᠦᠨ ᠢ ᠤᠯᠠᠮ ᠬᠦᠭᠵᠢᠬᠡᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠬᠦᠳᠬᠦ ᠪᠠᠷ ᠬᠦᠴᠦᠨ ᠴᠢᠳᠠᠯ ᠢᠶᠠᠨ ᠡᠷᠬᠦᠵᠡᠭᠡᠨ᠎ᠡ᠃   ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠳᠤ ᠶᠠᠪᠤᠬᠳᠠᠭᠰᠠᠨ ︽ᠮᠣᠩᠭᠤᠯ ᠮᠣᠷᠢᠨ ᠤ ᠵᠣᠷᠢᠭ ᠰᠠᠨᠠᠭ᠎ᠠ — ᠥᠪᠥᠷ ᠮᠣᠩᠭᠤᠯ ᠤᠨ ᠤᠷᠠᠨ ᠵᠢᠷᠤᠭ ᠭᠡᠷᠡᠯ ᠵᠢᠷᠤᠭ ᠤᠨ ᠪᠦᠲᠦᠭᠡᠯ ᠤᠨ ᠦᠵᠡᠰᠬᠦᠯᠡᠩ︾ ᠤᠨ ᠳᠡᠯᠭᠡᠨ ᠦᠵᠡᠭᠦᠯᠦᠭᠰᠡᠨ 130 ᠭᠠᠷᠤᠢ ᠰᠢᠯᠢᠳᠡᠭ ᠪᠦᠲᠦᠭᠡᠯ ᠳᠤ᠂ ᠲᠤᠰ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ︽ᠡᠷᠡᠯᠬᠡᠭᠯᠡᠨ ᠤᠷᠤᠭᠰᠢᠯᠠᠨ᠎ᠠ︾᠂ ︽ᠲᠠᠶᠢᠪᠤᠩ ᠣᠷᠴᠢᠨ ᠰᠢᠷᠢᠰ ᠪᠦᠳᠦᠬᠡᠯ — 1︾᠂ ︽ᠲᠢᠶᠠᠨ ᠵᠢᠶᠣᠣ ᠴᠠᠰᠤᠨ ᠳᠤᠮᠳᠠᠭᠤᠷ ᠲᠡᠷᠭᠡᠯ ᠰᠠᠷᠠᠨ ᠢ ᠵᠤᠷᠢᠭᠰᠠᠨ︾ ᠵᠡᠷᠭᠡ 10 ᠪᠦᠲᠦᠭᠡᠯ ᠰᠤᠩᠭᠤᠭᠳᠠᠨ ᠣᠷᠣᠯᠴᠠᠵᠤ᠂ ᠤᠮᠠᠷᠠᠲᠤ ᠬᠢᠯᠢ ᠶᠢᠨ ᠰᠣᠶᠣᠯ ᠳᠤ ᠠᠭᠤᠯᠤᠭᠳᠠᠵᠤ ᠪᠠᠶᠢᠭ᠎ᠠ ᠲᠡᠦᠬᠡ ᠶᠢᠨ ᠡᠬᠡᠰᠢᠭᠯᠡᠯ᠂ ᠦᠨᠳᠦᠰᠦᠲᠡᠨ ᠤ ᠠᠭᠤᠰᠤᠯᠴᠠᠯ᠂ ᠰᠣᠶᠣᠯ ᠢᠷᠭᠡᠨᠰᠢᠯ ᠤᠨ ᠭᠤᠸ᠎ᠠ ᠰᠠᠶᠢᠬᠠᠨ ᠢ ᠳᠡᠯᠭᠡᠨ ᠦᠵᠡᠭᠦᠯᠵᠡᠢ ︔ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠤ ᠡᠷᠬᠢᠯᠡᠭᠰᠡᠨ ︽ᠤᠷᠠᠯᠢᠭ ᠤᠨ ᠡᠭᠡᠰᠢᠭᠯᠡᠯ ᠲᠠᠢ ᠤᠮᠠᠷᠠᠲᠤ ᠬᠢᠯᠢ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠨ ᠵᠢᠷᠤᠭ ᠱᠤᠭᠤᠮᠠᠯ ᠤᠷᠠᠨ ᠪᠢᠴᠢᠯᠭᠡ ᠭᠡᠷᠡᠯ ᠵᠢᠷᠤᠭ ᠤᠨ ᠣᠨ ᠤ ᠦᠵᠡᠰᠬᠦᠯᠡᠩ︾ ᠳᠤ ᠰᠢᠯᠢᠭᠳᠡᠨ ᠤᠷᠤᠬᠰᠠᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠨᠠᠷ ᠤᠨ ᠵᠣᠬᠢᠶᠠᠨ ᠪᠦᠲᠦᠭᠡᠭᠰᠡᠨ 32 ᠪᠦᠲᠦᠭᠡᠯ ᠨᠢ ᠢᠯᠡ ᠲᠣᠳᠣ ᠭᠤᠣᠯ ᠰᠡᠳᠦᠪ᠂ ᠬᠤᠷᠴᠠ ᠴᠢᠩᠭ᠎ᠠ ᠴᠠᠭ ᠦᠶ᠎ᠡ ᠶᠢᠨ ᠵᠣᠷᠢᠭ ᠰᠠᠨᠠᠭ᠎ᠠ ᠪᠠᠷ ᠢᠶᠠᠨ ᠥᠷᠭᠡᠨ ᠤᠯᠠᠨ ᠦᠵᠡᠭᠴᠢᠳ ᠤᠨ ᠰᠠᠶᠢᠨ ᠦᠨᠡᠯᠡᠯᠲᠡ ᠶᠢ ᠣᠯᠵᠠᠢ᠃ ︽ᠪᠢᠳᠡ ᠱᠤᠭᠤᠮᠠᠯ᠂ ᠤᠷᠠᠨ ᠵᠢᠷᠤᠭ᠂ ᠭᠡᠷᠡᠯ ᠵᠢᠷᠤᠭ ᠵᠡᠷᠭᠡ ᠠᠳᠠᠯᠢ ᠪᠤᠰᠤ ᠤᠷᠠᠯᠢᠭ ᠤᠨ ᠲᠥᠷᠥᠯ ᠤᠨ ᠥᠪᠡᠷᠮᠢᠴᠡ ᠭᠤᠸ᠎ᠠ ᠰᠠᠶᠢᠬᠠᠨ ᠢᠶᠠᠷ ᠤᠮᠠᠷᠠᠲᠤ ᠬᠢᠯᠢ ᠶᠢᠨ ᠰᠣᠶᠣᠯ ᠤᠨ ᠭᠦᠨ ᠵᠤᠵᠠᠭᠠᠨ ᠠᠭᠤᠯᠤᠭᠳᠠᠬᠤᠨ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠭᠠᠯ ᠬᠠᠯᠠᠭᠤᠨ ᠪᠣᠳᠠᠲᠤ ᠠᠮᠢᠳᠤᠷᠠᠯ ᠢ ᠪᠣᠰᠤᠭ᠎ᠠ ᠴᠣᠭᠴᠠ ᠪᠠᠷ ᠢᠯᠡᠷᠡᠭᠦᠯᠦᠨ᠂ ᠥᠷᠭᠡᠨ ᠣᠯᠠᠨ ᠪᠠᠭᠰᠢ ᠰᠤᠷᠤᠭᠴᠢᠳ ᠢ ᠬᠥᠲᠥᠯᠥᠨ ᠵᠢᠯᠤᠭᠤᠳᠴᠤ ᠤᠮᠠᠷᠠᠲᠤ ᠬᠢᠯᠢ ᠶᠢᠨ ᠡᠬᠡ ᠭᠠᠵᠠᠷ ᠤᠨ ᠡᠶ᠎ᠡ ᠵᠣᠬᠢᠴᠠᠯ ᠤᠨ ᠭᠤᠸ᠎ᠠ ᠰᠠᠶᠢᠬᠠᠨ᠂ ᠬᠥᠭᠵᠢᠯᠲᠡ ᠶᠢᠨ ᠭᠤᠸ᠎ᠠ ᠰᠠᠶᠢᠬᠠᠨ᠂ ᠪᠠᠶᠢᠭᠠᠯᠢ ᠶᠢᠨ ᠭᠤᠸ᠎ᠠ ᠰᠠᠶᠢᠬᠠᠨ ᠢ ᠭᠦᠨᠵᠡᠭᠡᠢ ᠠᠭᠤᠳᠠᠯᠤᠭᠤᠯᠵᠤ᠂ ᠤᠮᠠᠷᠠᠲᠤ ᠬᠢᠯᠢ ᠶᠢᠨ ᠰᠣᠶᠣᠯ ᠢ ᠬᠦᠭᠵᠢᠭᠦᠯᠦᠨ ᠪᠠᠳᠠᠷᠠᠭᠤᠯᠬᠤ ᠳᠤ ᠤᠳᠬ᠎ᠠ ᠤᠷᠠᠯᠢᠭ ᠤᠨ ᠬᠦᠴᠦᠨ ᠴᠢᠳᠠᠯ ᠢᠶᠠᠨ ᠡᠷᠬᠦᠨ᠎ᠡ︾ ᠭᠡᠵᠦ ᠲᠤᠰ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ ᠤᠨ ᠱᠦᠵᠢ ᠸᠠᠩ ᠶᠣᠣ ᠵᠦᠩ ᠢᠯᠡᠳᠬᠡᠪᠡ᠃   ᠪᠦᠷᠢᠨ ᠲᠡᠭᠦᠯᠳᠡᠷ ᠣᠨᠣᠯ ᠤᠨ ᠰᠤᠳᠤᠯᠭᠠᠨ ᠤ ᠰᠢᠰᠲ᠋ᠧᠮ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤ ᠶᠣᠰᠣ ᠵᠦᠢ ᠶᠢᠨ ᠳᠡᠮᠵᠢᠯᠭᠡ ᠪᠠ ᠴᠢᠳᠠᠪᠤᠷᠢᠲᠠᠨ ᠤ ᠣᠶᠤᠨ ᠤ ᠲᠤᠯᠭᠠᠭᠤᠷᠢᠯᠠᠯ ᠬᠠᠩᠭᠠᠬᠤ ᠶᠢᠨ ᠲᠦᠯᠦᠬᠡ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ︽ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠬᠦᠷᠢᠶᠡᠯᠡᠩ︾᠂ ︽ᠤᠮᠠᠷᠠᠲᠤ ᠬᠢᠯᠢ ᠶᠢᠨ ᠰᠣᠶᠣᠯ ᠤᠨ ᠥᠪ ᠤᠨ ᠰᠤᠳᠤᠯᠭᠠᠨ ᠤ ᠲᠥᠪ︾ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠵᠠᠯᠭᠠᠭ᠎ᠠ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠬᠦᠷᠢᠶᠡᠨ ᠳᠠᠬᠢ ᠴᠢᠬᠤᠯᠠ ᠶᠡᠭᠡ ᠰᠤᠳᠤᠯᠭᠠᠨ ᠤ ᠲᠥᠷᠥᠯ ᠵᠦᠢᠯ ᠢ ᠢᠳᠡᠪᠬᠢᠲᠡᠢ ᠤᠬᠠᠭᠠᠯᠠᠨ ᠲᠦᠰᠦᠪᠯᠡᠵᠤ ᠥᠷᠨᠢᠭᠦᠯᠪᠡ᠃ 2023 ᠣᠨ ᠳᠤ᠂ ᠲᠤᠰ ᠰᠤᠷᠭᠠᠭᠤᠯᠢ ᠤᠷᠠᠳ ᠤᠨ ᠳᠤᠮᠳᠠᠳᠤ ᠬᠤᠰᠢᠭᠤ ᠲᠠᠢ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠬᠤᠯᠪᠣᠭ᠎ᠠ ᠶᠢ ᠪᠠᠶᠢᠭᠤᠯᠪᠠ᠃ ᠡᠨᠡ ᠵᠢᠯ ᠤᠨ 3 ᠰᠠᠷ᠎ᠠ ᠳᠤ᠂ ᠤᠮᠠᠷᠠᠲᠤ ᠬᠢᠯᠢ ᠶᠢᠨ ᠰᠣᠶᠣᠯ ᠤᠨ ᠣᠷᠣᠨ ᠪᠦᠰᠡ ᠶᠢᠨ ᠴᠢᠨᠠᠷᠲᠠᠢ ᠰᠤᠳᠤᠯᠭᠠᠨ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ︽ᠤᠮᠠᠷᠠᠲᠤ ᠬᠢᠯᠢ ᠶᠢᠨ ᠰᠣᠶᠣᠯ ᠤᠨ ᠥᠪ ᠤᠨ ᠰᠤᠳᠤᠯᠭᠠᠨ ᠤ ᠲᠥᠪ ᠤᠨ ᠪᠣᠷᠣᠳᠣᠬᠤᠢ ᠶᠢᠨ ᠰᠠᠭᠤᠷᠢᠨ︾ ᠪᠠᠶᠠᠨᠨᠠᠭᠤᠷ ᠬᠤᠲᠠ ᠳᠤ ᠫᠠᠶᠢᠰᠠ ᠰᠡᠬᠦᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠢ ᠤᠯᠠᠮᠵᠢᠯᠠᠨ ᠵᠠᠯᠭᠠᠮᠵᠢᠯᠠᠬᠤ ᠳᠤ ᠬᠥᠭᠦᠷᠭᠡ ᠬᠤᠯᠪᠣᠭᠠᠰᠤ ᠪᠠᠶᠢᠭᠤᠯᠵᠤ ᠥᠭᠭᠦᠭᠰᠡᠨ ᠪᠠᠶᠢᠨ᠎ᠠ᠃ ︽ᠪᠢᠳᠡ ᠬᠤᠶᠠᠷ ᠲᠠᠯ᠎ᠠ ᠶᠢᠨ ᠳᠠᠪᠠᠭᠤᠯᠢᠭ ᠢ ᠠᠰᠢᠭᠯᠠᠨ᠂ ᠪᠣᠷᠣᠳᠣᠬᠤᠢ ᠶᠢᠨ ᠰᠣᠶᠣᠯ ᠤᠨ ᠥᠪ ᠢ ᠠᠭᠤᠰᠤᠯᠴᠠᠭᠤᠯᠤᠨ ᠰᠤᠳᠤᠯᠬᠤ ᠴᠢᠭᠯᠡᠯ ᠢ ᠬᠠᠶᠢᠨ ᠰᠦᠪᠡᠭᠴᠢᠯᠡᠵᠦ᠂ ᠤᠮᠠᠷᠠᠲᠤ ᠬᠢᠯᠢ ᠶᠢᠨ ᠰᠣᠶᠣᠯ ᠤᠨ ᠥᠪ ᠤᠨ ᠲᠣᠭᠠᠴᠢᠯᠠᠭᠰᠠᠨ ᠮᠠᠲ᠋ᠧᠷᠢᠶᠠᠯ ᠢ ᠲᠡᠭᠦᠯᠳᠡᠷᠵᠢᠭᠦᠯᠦᠨ᠂ ᠡᠨᠡ ᠬᠦ ᠰᠠᠭᠤᠷᠢᠨ ᠢᠶᠠᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠬᠦᠴᠦᠲᠡᠢ ᠰᠠᠭᠤᠷᠢᠨ ᠪᠤᠯᠭᠠᠨ ᠪᠦᠲᠦᠭᠡᠨ ᠪᠠᠶᠢᠭᠤᠯᠤᠨ᠎ᠠ︾ ᠬᠡᠵᠦ ᠡᠨᠡ ᠬᠦ ᠰᠠᠭᠤᠷᠢᠨ ᠤ ᠲᠡᠷᠢᠭᠦᠨ ᠲᠤᠰᠬᠠᠢ ᠮᠡᠷᠭᠡᠵᠢᠯᠲᠡᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠮᠠᠷᠠᠲᠤ ᠬᠢᠯᠢ ᠶᠢᠨ ᠰᠣᠶᠣᠯ ᠤᠨ ᠥᠪ ᠤᠨ ᠰᠤᠳᠤᠯᠭᠠᠨ ᠤ ᠲᠥᠪ ᠤᠨ ᠡᠷᠬᠢᠯᠡᠭᠴᠢ ᠴᠧᠨ ᠶᠦᠩ ᡁᠢ ᠳ᠋ᠠᠨᠢᠯᠴᠠᠭᠤᠯᠤᠯ᠎ᠠ᠃   ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠄ ︽ᠮᠠᠨ ᠤ ᠰᠤᠷᠭᠠᠭᠤᠯᠢ ᠰᠢᠨᠵᠢᠯᠡᠭᠡᠨ ᠤ ᠳᠠᠪᠠᠭᠤᠯᠢᠭ᠂ ᠲᠤᠰᠬᠠᠢ ᠮᠡᠷᠭᠡᠵᠢᠯ ᠤᠨ ᠳᠠᠪᠠᠭᠤᠯᠢᠭ᠂ ᠲᠠᠪᠴᠠᠩ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠪᠠᠷ ᠭᠠᠷᠳᠠᠴᠠ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠤᠯ᠂ ︿ᠬᠤᠶᠠᠳᠤᠭᠠᠷ ᠬᠢᠴᠢᠶᠡᠯ ᠤᠨ ᠲᠠᠩᠬᠢᠮ﹀᠂ ᠰᠤᠷᠭᠠᠭᠤᠯᠢ ᠶᠢᠨ ᠬᠦᠷᠢᠶᠡᠨ ᠤ ᠰᠣᠶᠣᠯ ᠵᠡᠷᠭᠡ ᠬᠦᠷᠢᠶ᠎ᠡ ᠵᠢᠴᠢ ᠰᠠᠭᠤᠷᠢᠨ ᠲᠠᠢ ᠪᠠᠨ ᠠᠭᠤᠰᠤᠯᠴᠠᠭᠤᠯᠵᠤ᠂ ᠰᠤᠷᠭᠠᠭᠤᠯᠢ ᠶᠢᠨ ︿ᠰᠤᠳᠤᠨ ᠤᠬᠠᠭᠠᠨ ᠤᠮᠠᠷᠠᠳᠤ ᠬᠢᠯᠢ﹀᠂ ︿ᠠᠶᠠᠯᠭᠤ ᠰᠠᠶᠢᠬᠠᠨ ᠤᠮᠠᠷᠠᠲᠤ ᠬᠢᠯᠢ﹀᠂ ︿ᠤᠷᠠᠯᠢᠭ ᠤᠨ ᠰᠠᠶᠢᠬᠠᠨ ᠤᠮᠠᠷᠠᠲᠤ ᠬᠢᠯᠢ﹀ ᠵᠡᠷᠭᠡ ᠰᠣᠶᠣᠯ ᠤᠨ ᠲᠦᠷᠦᠯ ᠲᠡᠮᠳᠡᠭ ᠢᠶᠠᠷ ᠭᠤᠶᠢᠳᠠ ᠰᠠᠶᠢᠬᠠᠨ ᠤᠮᠠᠷᠠᠳᠤ ᠬᠢᠯᠢ ᠶᠢᠨ ᠰᠣᠶᠣᠯ ᠤᠨ ᠦᠯᠢᠭᠡᠷ ᠢ ᠠᠭᠤᠳᠠᠯᠵᠤ᠂ ᠤᠮᠠᠷᠠᠲᠤ ᠬᠢᠯᠢ ᠶᠢᠨ ᠰᠣᠶᠣᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠪᠠᠷ ᠴᠢᠷᠮᠠᠶᠢᠨ᠎ᠠ︾ ᠬᠡᠵᠦ ᠪᠠᠶᠢᠯ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号