ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠰᠢᠨ᠎ᠡ ᠴᠠᠭ ᠦᠶ᠎ᠡ ᠶᠢᠨ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠰᠤᠳᠤᠯᠵᠤ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠭᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/13
   ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 12 ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠰᠤᠳᠤᠯᠵᠤ᠂ ᠠᠵᠤ ᠠᠬᠤᠶᠢᠯᠠᠯ ᠤᠨ ᠳᠠᠩᠰᠠᠨ ᠤ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠡᠭᠦᠯᠳᠡᠷᠵᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠭᠡᠮ ᠰᠣᠭᠤᠭ ᠢ ᠪᠦᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠢ  ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠ ᠬᠡᠰᠡᠭ ᠤᠨ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠢᠬᠤᠯᠠ ᠶᠡᠭᠡ ᠠᠵᠢᠯ ᠤᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ ᠨᠡᠩ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠳᠤᠮᠳᠠ ᠬᠡᠰᠡᠭ ᠤᠨ ᠭᠠᠵᠠᠷ ᠣᠷᠣᠨ ᠤ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠥᠷᠢᠰᠥᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠳᠡᠮᠵᠢᠬᠦ ᠬᠡᠷᠡᠭᠲᠡᠢ᠃    ᠬᠤᠷᠠᠯ ᠠᠴᠠ᠂ ᠠᠵᠤ ᠠᠬᠤᠶᠢᠯᠠᠯ ᠤᠨ ᠳᠠᠩᠰᠠᠨ ᠤ ᠵᠣᠭᠤᠰ ᠢ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠨᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠤᠯᠪᠣᠭᠳᠠᠵᠤ᠂ ᠠᠵᠤ ᠠᠬᠤᠢ ᠶᠢᠨ ᠳᠡᠭᠡᠭᠰᠢᠯᠡᠵᠦ ᠰᠠᠶᠢᠵᠢᠷᠠᠬᠤ ᠶᠡᠭᠡ ᠲᠠᠯ᠎ᠠ ᠳᠤ ᠬᠤᠯᠪᠣᠭᠳᠠᠵᠤ᠂ ᠵᠠᠰᠠᠭ ᠤᠨ ᠣᠷᠳᠣᠨ ᠤ ᠳᠦᠷᠢ ᠲᠥᠷᠬᠦ ᠪᠣᠯᠤᠨ ᠣᠯᠠᠨ ᠢ ᠢᠲᠡᠭᠡᠭᠦᠯᠬᠦ ᠬᠦᠴᠦᠨ ᠲᠠᠢ ᠬᠤᠯᠪᠣᠭᠳᠠᠨ᠎ᠠ᠃ ᠥᠷᠢ ᠰᠢᠷᠢ ᠶᠢ ᠢᠯᠭᠠᠷᠠᠭᠤᠯᠬᠤ ᠲᠤᠰᠬᠠᠢ ᠠᠵᠢᠯᠯᠠᠭ᠎ᠠ ᠶᠢ ᠴᠢᠨᠠᠷ ᠰᠠᠶᠢᠲᠠᠢ ᠲᠦᠯᠬᠢᠨ ᠠᠬᠢᠭᠤᠯᠵᠤ᠂ ᠣᠳᠣᠬᠠᠨ ᠤ ᠥᠷᠢᠲᠦᠵᠦ ᠪᠠᠶᠢᠭ᠎ᠠ ᠠᠰᠠᠭᠤᠳᠠᠯ ᠢᠶᠠᠨ ᠢᠯᠭᠠᠷᠠᠭᠤᠯᠬᠤ ᠮᠥᠷᠲᠡᠭᠡᠨ ᠪᠠᠰᠠ ᠬᠦᠴᠦ ᠣᠷᠣᠭᠤᠯᠤᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ︽ᠢᠯᠭᠠᠷᠠᠭᠤᠯᠬᠤ ᠶᠢᠨ ᠳᠠᠭᠠᠤ ᠥᠷᠢᠲᠦᠬᠦ︾᠂ ︽ᠢᠯᠭᠠᠷᠠᠭᠤᠯᠤᠨ ᠲᠢᠭᠯᠡᠬᠦ ᠮᠥᠷᠲᠡᠭᠡᠨ ᠪᠠᠰᠠ ᠥᠷᠢᠲᠦᠬᠦ︾ ᠶᠢ ᠡᠷᠡᠰ ᠬᠤᠷᠢᠭᠯᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠪᠠ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠢᠲᠦᠵᠦ ᠪᠠᠶᠢᠭ᠎ᠠ ᠭᠤᠣᠯ ᠴᠣᠭᠴᠠ ᠶᠢᠨ ᠲᠣᠭᠲᠠᠭᠠᠯ ᠠᠴᠠ ᠵᠥᠷᠢᠴᠡᠭᠰᠡᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠢᠲᠦᠵᠦ ᠪᠠᠶᠢᠭ᠎ᠠ ᠠᠵᠤ ᠠᠬᠤᠶᠢᠯᠠᠯ ᠤᠨ ᠡᠷᠬᠡ ᠪᠠᠨ ᠬᠠᠮᠠᠭᠠᠯᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠯᠭ᠎ᠠ ᠶᠢᠨ ᠦᠨ᠎ᠡ ᠶᠢᠨ ᠵᠣᠭᠤᠰ ᠢ ᠳ᠋ᠦᠩᠨᠡᠨ ᠪᠣᠳᠣᠬᠤ᠂ ᠬᠤᠳᠠᠯᠳᠤᠭᠠᠨ ᠤ ᠭᠤᠪᠢᠭᠤᠯᠭ᠎ᠠ ᠶᠢᠨ ᠫᠢᠶᠣᠣ ᠶᠢᠨ ᠬᠠᠮᠢᠶᠠᠷᠤᠯᠲᠠ ᠵᠡᠷᠭᠡ ᠳᠦᠷᠢᠮ ᠲᠣᠭᠲᠠᠭᠠᠯ ᠢ ᠱᠠᠯᠠᠪᠳᠠᠨ ᠲᠡᠭᠦᠯᠳᠡᠷᠵᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠦᠷᠭᠡᠬᠡᠨ ᠰᠠᠭᠠᠳ ᠦᠭᠡᠢ ᠠᠵᠢᠯᠯᠠᠭᠤᠯᠬᠤ ᠬᠡᠷᠡᠭᠲᠡᠢ᠃     ᠬᠤᠷᠠᠯ ᠠᠴᠠ ︽2024 — 2025 ᠣᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯᠯᠠᠭ᠎ᠠ ᠶᠢᠨ ᠲᠥᠰᠦᠯ︾ ᠪᠣᠯᠤᠨ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠤᠨ ᠳᠦᠷᠢᠮ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠠᠵᠢᠯ ᠤᠨ ᠲᠥᠰᠦᠯ︾ ᠢ ᠬᠢᠨᠠᠨ ᠵᠥᠪᠯᠡᠵᠦ ᠪᠠᠲᠤᠯᠠᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠠᠬᠢᠭᠤᠯᠵᠤ᠂ ᠲᠡᠭᠦᠨ ᠢ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ᠂ ᠬᠠᠭᠤᠴᠢᠨ ᠲᠣᠭᠤᠷᠢᠭ ᠢ ᠥᠭᠡᠷᠡᠴᠢᠯᠡᠬᠦ᠂ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠲᠠᠢ ᠤᠶᠠᠯᠳᠤᠭᠤᠯᠵᠤ᠂ ᠠᠷᠪᠢᠲᠠᠢ ᠲᠣᠬᠢᠷᠠᠮᠵᠢᠲᠠᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡᠨ ᠤ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠣᠯᠤᠨ ᠠᠮᠢ ᠠᠬᠤᠢ ᠶᠢᠨ ᠦᠷ᠎ᠡ ᠠᠰᠢᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠤᠯᠤᠰ ᠤᠨ ᠪᠠᠶᠢᠳᠠᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠠᠵᠢᠯ ᠤᠨ ᠡᠷᠴᠢᠮ ᠪᠣᠯᠤᠨ ᠠᠶᠢᠵᠠᠮ ᠢ ᠯᠠᠪᠳᠠᠭᠤᠨ ᠢᠶᠠᠷ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢᠨ ᠡᠨᠧᠷᠭᠢ ᠶᠢᠨ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠠᠴᠠ ᠪᠣᠯᠤᠭᠰᠠᠨ ᠭᠠᠯ ᠤᠨ ᠠᠶᠤᠯ ᠤᠨ ᠠᠳᠠᠯ ᠦᠳᠲᠡᠷ ᠲᠦᠷᠭᠡᠨ ᠨᠡᠮᠡᠭᠳᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠰᠦᠷᠳᠡᠭᠦᠯᠵᠦ᠂ ᠡᠷᠬᠡᠪᠰᠢ ᠵᠣᠷᠢᠭ ᠰᠢᠭᠤᠳᠤᠨ ᠴᠡᠭᠴᠡᠯᠡᠨ ᠵᠠᠰᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠢᠭᠲᠠ ᠬᠠᠮᠵᠢᠯᠴᠠᠵᠤ᠂ ᠦᠯᠡᠳᠡᠭᠡᠯ ᠠᠶᠤᠯ ᠲᠦᠭᠰᠢᠭᠦᠷᠢ ᠶᠢ ᠲᠦᠷᠭᠡᠨ ᠠᠷᠢᠯᠭᠠᠵᠤ᠂ ᠨᠡᠮᠡᠭᠳᠡᠯ ᠤᠨ ᠠᠶᠤᠯ ᠲᠦᠭᠰᠢᠭᠦᠷᠢ ᠶᠢ ᠦᠨᠡᠨ ᠬᠦ ᠬᠤᠷᠢᠭᠯᠠᠬᠤ ᠬᠡᠷᠡᠭᠲᠡᠢ᠃ ᠰᠢᠰᠲ᠋ᠧᠮ ᠲᠠᠢ ᠪᠠᠷ ᠵᠠᠰᠠᠬᠤ ᠶᠢ ᠴᠢᠬᠤᠯᠠᠴᠢᠯᠠᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠬᠡᠷᠡᠭᠯᠡᠭᠡᠨ ᠠᠴᠠ ᠭᠠᠷᠭᠠᠵᠤ ᠡᠭᠡᠭᠦᠯᠦᠨ ᠬᠤᠷᠢᠶᠠᠬᠤ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠢᠵᠢ ᠪᠦᠷᠢᠳᠦᠭᠰᠡᠨ ᠦᠢᠯᠡᠴᠢᠯᠡᠭᠡ ᠪᠠ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠳ᠋ᠢᠶᠠᠨ ᡂᠢ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠵᠢᠯ ᠢ ᠶᠡᠬᠡᠪᠡᠷ ᠠᠬᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号