︽ᠴᠣᠩᠬᠤ ᠶᠢ ᠵᠠᠳᠠᠯᠵᠤ ᠲᠣᠣᠷ ᠢ ᠡᠪᠳᠡᠵᠦ︾᠂ ︽ᠠᠮᠢ ᠨᠠᠰᠤᠨ ᠤ ᠵᠠᠮ︾᠎ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/4/15
    ᠪᠦᠬᠦ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠣᠷᠴᠢᠨ ᠲᠣᠭᠤᠷᠢᠨ ᠤ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠡᠯ᠎ᠡ ᠲᠥᠷᠥᠯ ᠤᠨ ᠭᠠᠯ ᠤᠨ ᠠᠶᠤᠯ ᠤᠨ ᠠᠳᠠᠯ ᠭᠠᠷᠬᠤ ᠶᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠴᠣᠩᠬᠤ ᠶᠢ ᠡᠪᠳᠡᠵᠦ ᠲᠣᠣᠷ ᠢ ᠡᠪᠳᠡᠬᠦ︾ ᠠᠵᠢᠯᠯᠠᠭ᠎ᠠ ᠥᠷᠨᠢᠭᠦᠯᠬᠦ ᠶᠢᠨ ᠬᠠᠮᠲᠤ ᠬᠠᠷᠢᠶᠠᠲᠤ ᠣᠷᠣᠨ ᠤ ᠬᠤᠳᠠᠯᠳᠤᠭᠠᠨ ᠤ ᠫᠦᠰᠡ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠲᠠᠳ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠬᠤ᠂ ᠴᠢᠩᠭ᠎ᠠ ᠴᠡᠭᠴᠡᠯᠡᠨ ᠵᠠᠰᠠᠬᠤ ᠠᠵᠢᠯ ᠤᠨ ᠠᠷᠭ᠎ᠠ ᠮᠠᠶ᠋ᠢᠭ ᠶᠣᠰᠣᠭᠠᠷ᠂ ᠲᠣᠣᠷ ᠲᠠᠲᠠᠬᠤ ᠮᠠᠶ᠋ᠢᠭ ᠤᠨ ᠶᠡᠭᠡ ᠪᠠᠶᠢᠴᠠᠭᠠᠯᠲᠠ ᠶᠢᠨ ᠠᠷᠭ᠎ᠠ ᠶᠢ ᠠᠪᠴᠤ᠂ ᠬᠠᠷᠢᠶ᠎ᠠ ᠣᠷᠣᠨ ᠤ ᠳᠣᠲᠣᠷᠠᠬᠢ ᠬᠤᠳᠠᠯᠳᠤᠭᠠᠨ ᠤ ᠫᠦᠰᠡ ᠶᠢ ᠵᠢᠭᠰᠠᠭᠠᠨ ᠪᠠᠶᠢᠴᠠᠭᠠᠵᠤ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠲᠤ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠲᠡᠮᠦᠷ ᠬᠡᠷᠡᠰᠬᠡ᠂ ᠲᠡᠮᠦᠷ ᠲᠣᠣᠷ ᠵᠡᠷᠭᠡ ᠬᠠᠷᠰᠢ ᠰᠠᠭᠠᠳ ᠭᠠᠷᠭᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ᠭᠡᠵᠦ ᠱᠠᠭᠠᠷᠳᠠᠪᠠ᠃ ᠲᠤᠰ ᠤᠳᠠᠭᠠᠨ ᠤ ᠵᠢᠭᠰᠠᠭᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠭᠠᠯ ᠤᠨᠲᠠᠷᠠᠭᠠᠬᠤ ᠬᠥᠮᠦᠰ ᠢ ᠨᠢᠭᠡᠳ ᠨᠢᠭᠡ ᠪᠠᠷ ᠳᠠᠩᠰᠠᠯᠠᠨ ᠲᠡᠮᠳᠡᠭᠯᠡᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠭᠠᠯ ᠤᠨ ᠭᠠᠮᠰᠢᠭ ᠤᠨ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠡᠰᠡᠭ ᠬᠤᠳᠠᠯᠳᠤᠭᠠᠴᠢᠨ ᠡᠷᠦᠬᠡ ᠠᠮᠤᠷ ᠲᠦᠪᠰᠢᠨ ᠤ ᠳᠠᠯᠳᠠ ᠭᠡᠮ ᠲᠠᠢ ᠭᠡᠵᠦ ᠮᠡᠳᠡᠭᠳᠡᠭᠰᠡᠨ ᠬᠤᠶᠢᠨ᠎ᠠ᠂ ᠲᠡᠷᠡ ᠳᠠᠷᠤᠢ ᠳᠤᠨᠢ ᠪᠠᠭᠠᠵᠢ ᠬᠡᠷᠡᠭᠰᠡᠯ ᠢᠶᠠᠨ ᠭᠠᠷᠭᠠᠵᠤ ᠥᠭᠡᠷᠡᠴᠢᠯᠡᠪᠡ᠃    ᠬᠡᠳᠦ᠋ᠢᠪᠡᠷ ᠲᠡᠮᠦᠷ ᠬᠡᠷᠡᠰᠬᠡ ᠨᠢ ᠬᠥᠮᠦᠨ ᠤ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠵᠤ ᠴᠢᠳᠠᠬᠤ ᠪᠣᠯᠪᠠᠴᠤ ᠭᠠᠯ ᠤᠨ ᠠᠶᠤᠯ ᠭᠠᠷᠤᠮᠠᠭᠴᠠ ᠲᠡᠮᠦᠷ ᠬᠡᠷᠡᠰᠬᠡ ᠨᠢ ᠠᠮᠢ ᠵᠢᠭᠤᠲᠠᠬᠤ ᠵᠠᠮ ᠳᠡᠭᠡᠷᠡᠬᠢ ︿ᠵᠠᠮ ᠬᠠᠰᠢᠬᠤ ᠪᠠᠷᠰ﹀ ᠪᠣᠯᠤᠭᠰᠠᠨ ᠪᠠᠶᠢᠨ᠎ᠠ᠃ ᠪᠢ ᠡᠵᠡᠩᠨᠡᠯᠲᠡ ᠶᠢᠨ ᠭᠠᠵᠠᠷ ᠤᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠨᠤᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠪᠢ ᠶᠢᠨ ᠦᠶ᠋ᠯᠡᠳᠪᠦᠷᠢ ᠬᠤᠳᠠᠯᠳᠤᠬᠠᠨ ᠤ ᠡᠷᠦᠬᠡ ᠲᠦᠩ ᠰᠢᠦᠸᠡᠢ ᠭᠠᠩ ᠬᠡᠯᠡᠭᠰᠡᠨ ᠨᠢ᠃    ᠡᠭᠦᠨ ᠤ ᠬᠠᠮᠲᠤ᠂ ᠭᠠᠯ ᠤᠨᠲᠠᠷᠠᠭᠠᠬᠤ ᠠᠵᠢᠯᠲᠠᠳ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠭᠠᠯ ᠤᠨ ᠠᠶᠤᠯ ᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ︽ᠥᠨᠴᠥᠭ ᠪᠤᠯᠤᠩ ᠦᠯᠡᠳᠡᠭᠡᠬᠦ ᠦᠭᠡᠢ︾᠎ ᠶᠢ ᠦᠨᠡᠨᠬᠦ ᠪᠠᠲᠤᠯᠠᠬᠤ ᠬᠡᠷᠡᠭᠲᠡᠢ᠃    ︽ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠤᠨ ᠭᠠᠯ ᠤᠨ ᠠᠶᠤᠯ ᠤᠨ ᠠᠳᠠᠯ ᠠᠴᠠ ᠭᠦᠨᠵᠡᠭᠡᠢ ᠰᠤᠷᠭᠠᠮᠵᠢ ᠠᠪᠴᠤ᠂ ᠪᠦᠬᠦ ᠬᠤᠰᠢᠭᠤᠨ ᠤ ︿ᠴᠣᠩᠬᠤ ᠶᠢ ᠵᠠᠳᠠᠯᠵᠤ ᠲᠣᠣᠷ ᠢ ᠡᠪᠳᠡᠬᠦ﹀ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠪᠢᠳᠡ ︿ᠪᠠᠶᠢᠴᠠᠭᠠᠬᠤ ᠶᠢᠨ ᠳᠠᠭᠠᠤ ᠵᠢᠯᠣᠭᠤᠳᠬᠤ﹀ ᠠᠷᠭ᠎ᠠ ᠬᠡᠯᠪᠡᠷᠢ ᠶᠢ ᠠᠪᠴᠤ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠢᠶᠠᠷ ᠭᠤᠣᠯᠳᠠᠯᠭ᠎ᠠ ᠪᠣᠯᠭᠠᠨ᠂ ᠡᠭᠦᠳᠡ ᠴᠣᠩᠬᠤ ᠪᠠᠷ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠵᠦ ᠪᠠᠶᠢᠭ᠎ᠠ ᠭᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ᠂ ᠬᠤᠯᠠᠭᠠᠶᠢᠯᠠᠬᠤ ᠴᠣᠩᠬᠤ᠂ ᠲᠡᠮᠦᠷ ᠬᠡᠷᠡᠰᠬᠡ ᠵᠡᠷᠭᠡ ᠬᠠᠷᠰᠢ ᠰᠠᠭᠠᠳ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠠᠴᠢᠮ ᠴᠠᠭ ᠮᠥᠴᠡ ᠳᠤ ︿ᠠᠮᠢ ᠨᠠᠰᠤᠨ ᠤ ᠵᠠᠮ﹀᠎ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨᠠᠯᠲᠠ ᠲᠠᠯᠪᠢᠭᠴᠢ ᠯᠢᠦ ᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号