︽ᠦᠨᠡᠨᠴᠢ ᠢᠲᠡᠭᠡᠮᠵᠢᠲᠡᠢ+ ᠵᠠᠰᠠᠭ ᠵᠠᠬᠢᠷᠭᠠᠨ ᠤ ᠳᠠᠬᠢᠨ ᠵᠥᠪᠯᠡᠬᠦ︾᠎ ᠪᠠᠷ ᠣᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠬᠥᠲᠥᠯᠦᠨ ᠵᠢᠯᠣᠭᠤᠳᠪᠠ
ᠨᠡᠶᠢᠲᠡᠯᠡᠭᠰᠡᠨ ᠴᠠᠭ᠄
2024/4/15
    ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠠᠷᠠᠳ ᠢᠷᠭᠡᠨ᠂ ᠬᠠᠤᠯᠢ ᠶᠢᠨ ᠡᠷᠬᠡᠲᠡᠨ ᠤ ᠵᠦᠢ ᠵᠣᠬᠢᠰᠲᠠᠢ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ 4 ᠰᠠᠷ᠎ᠠ ᠶᠢᠨ 12᠎ ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠬᠠᠤᠯᠢ ᠪᠠᠷ ᠵᠠᠰᠠᠬᠤ ᠶᠢ ᠡᠷᠬᠢᠮᠯᠡᠨ ᠦᠨᠡᠨᠴᠢ ᠢᠲᠡᠭᠡᠮᠵᠢ ᠶᠢ ᠪᠣᠢ ᠪᠣᠯᠭᠠᠬᠤ︾ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠎ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠨᠢ ᠠᠰᠠᠭᠤᠨ ᠯᠠᠪᠯᠠᠬᠤ ᠴᠡᠭ ᠪᠠᠶᠢᠭᠤᠯᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠣᠯᠠᠨ ᠲᠦᠮᠡᠨ ᠳᠤ ᠲᠡᠳᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠬᠠᠤᠯᠢ ᠴᠠᠭᠠᠵᠠ ᠶᠢᠨ ᠠᠰᠠᠭᠤᠳᠠᠯ ᠢ ᠬᠠᠷᠢᠭᠤᠯᠵᠤ ᠥᠭᠪᠡ᠃ ᠠᠵᠢᠯᠲᠠᠳ ᠪᠠᠰᠠ ᠰᠢᠨ᠎ᠡ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠳᠤ ᠵᠠᠰᠠᠪᠤᠷᠢ ᠣᠷᠣᠭᠤᠯᠤᠭᠰᠠᠨ ᠠᠭᠤᠯᠭ᠎ᠠ ᠶᠢᠨ ᠲᠣᠭᠤᠷᠢᠨ ᠳᠤ᠂ ᠣᠯᠠᠨ ᠲᠦᠮᠡᠨ ᠳᠤ ᠭᠤᠣᠯᠳᠠᠯᠭ᠎ᠠ ᠲᠠᠢ ᠤᠬᠠᠭᠤᠯᠭ᠎ᠠ ᠪᠠ ᠲᠠᠶᠢᠯᠪᠤᠷᠢᠯᠠᠯᠲᠠ ᠬᠢᠪᠡ᠃ ᠠᠵᠢᠯᠯᠠᠭ᠎ᠠ ᠳᠤ ᠨᠡᠶᠢᠲᠡ 200 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠳᠤ 20 ᠭᠠᠷᠤᠢ ᠤᠳᠠᠭ᠎ᠠ ᠬᠠᠷᠢᠭᠤᠯᠲᠠ ᠥᠭᠪᠡ᠃    ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠳᠤ ᠣᠷᠣᠬᠤ᠂ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠳᠦᠷᠢᠮ ᠤᠨ ᠨᠡᠶᠢᠭᠡᠮ ᠤᠨ ᠲᠤᠬᠠᠢ ᠣᠶᠢᠯᠠᠭᠠᠬᠤ ᠬᠡᠮᠵᠢᠶ᠎ᠡ ᠶᠢ ᠥᠷᠭᠡᠳᠬᠡᠵᠦ᠂ ᠡᠯ᠎ᠡ ᠠᠵᠢᠯ ᠲᠥᠷᠥᠯ ᠤᠨ ᠬᠢᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠠᠬᠢᠭᠤᠯᠵᠤ᠂ ᠦᠨᠡᠨᠴᠢ ᠢᠲᠡᠭᠡᠮᠵᠢᠲᠡᠢ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号