ᠸᠢᠴᠠᠲ ᠢ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ
ᠨᠡᠶᠢᠲᠡᠯᠡᠭᠰᠡᠨ ᠴᠠᠭ᠄
2024/4/15
   ︽ᠳᠤᠮᠳᠠᠳᠤ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠪᠠ ᠬᠢᠨᠠᠨ ᠪᠠᠶᠢᠴᠠᠭᠠᠬᠤ ᠰᠣᠨᠢᠨ︾᠎ ᠳᠤ ︽ᠸᠢᠴᠠᠲ ᠢ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ︾ ᠭᠡᠰᠡᠨ ᠵᠣᠬᠢᠶᠠᠯ ᠨᠡᠶᠢᠲᠡᠯᠡᠵᠦ᠂ ᠴᠥᠭᠡᠨ ᠲᠣᠭᠠᠨ ᠤ ᠺᠠᠳ᠋ᠷᠴᠤᠤᠠ ᠤᠨ ᠸᠢᠴᠠᠲ ᠢ ᠳᠤᠷ᠎ᠠ ᠪᠠᠷ ᠢᠶᠠᠨ ᠬᠡᠷᠡᠭᠯᠡᠵᠦ ᠪᠠᠶᠢᠭ᠎ᠠ ᠦᠵᠡᠭᠳᠡᠯ ᠢ ᠰᠢᠭᠦᠮᠵᠢᠯᠡᠵᠡᠢ᠃ ᠵᠣᠬᠢᠶᠠᠯ ᠳᠤ ᠲᠡᠮᠳᠡᠭᠯᠡᠬᠦ ᠳᠡᠭᠡᠨ᠂ ᠵᠠᠷᠢᠮ ᠬᠥᠮᠥᠰ ᠸᠢᠴᠠᠲ ᠤᠨ ᠨᠠᠶᠢᠵᠠ ᠶᠢᠨ ᠲᠣᠭᠤᠷᠢᠭ ᠲᠠᠭᠠᠨ ᠲᠥᠪ ᠤᠨ ᠱᠤᠭᠤᠮ ᠴᠢᠭᠯᠡᠯᠲᠡ ᠪᠣᠳᠣᠯᠭ᠎ᠠ ᠶᠢᠨ ᠲᠤᠬᠠᠢ ᠳᠤᠷ᠎ᠠ ᠵᠣᠷᠢᠭ ᠢᠶᠠᠷ ᠢᠶᠠᠨ ᠴᠠᠯᠴᠢᠵᠤ᠂ ᠵᠠᠷᠢᠮ ᠬᠥᠮᠥᠰ ᠸᠢᠴᠠᠲ ᠤᠨ ᠬᠤᠯᠪᠣᠭᠠᠨ ᠳᠠᠭᠠᠨ ᠤᠯᠠᠭᠠᠨ ᠪᠠᠭᠯᠠᠭ᠎ᠠ ᠢᠯᠡᠭᠡᠵᠦ᠂ ᠰᠣᠩᠭᠤᠭᠤᠯᠢ ᠳᠤ ᠬᠠᠭ᠋ᠤᠤᠯᠢᠳᠠᠬᠤ ᠪᠠᠷ ᠣᠷᠣᠯᠳᠤᠵᠤ᠂ ᠨᠡᠩ ᠲᠡᠷᠡᠴᠢᠯᠡᠨ ᠵᠠᠷᠢᠮ ᠬᠥᠮᠥᠰ ᠸᠢᠴᠠᠲ ᠢ ᠠᠰᠢᠭᠯᠠᠨ ᠴᠤᠤᠷᠬᠠᠯ ᠲᠠᠷᠬᠠᠭᠠᠵᠤ ᠪᠠᠶᠢᠨ᠎ᠠ᠃ ᠬᠥᠮᠥᠰ ᠣᠳᠣ ᠸᠢᠴᠠᠲ ᠤᠨ ᠨᠠᠶᠢᠵᠠ ᠶᠢᠨ ᠲᠣᠭᠤᠷᠢᠭ ᠲᠠᠭᠠᠨ ᠴᠢᠮᠡᠭᠡ ᠵᠠᠩᠭᠢ ᠨᠡᠶᠢᠲᠡᠯᠡᠬᠦ᠂ ᠪᠣᠳᠣᠭᠰᠠᠨ ᠰᠠᠨᠠᠭᠰᠠᠨ ᠵᠦᠢᠯ ᠢᠶᠠᠨ ᠭᠠᠷᠭᠠᠬᠤ ᠨᠢ ᠶᠡᠷᠦᠳᠡ ᠶᠢᠨ ᠵᠠᠩᠰᠢᠯ ᠪᠣᠯᠣᠭᠰᠠᠨ ᠪᠠᠶᠢᠨ᠎ᠠ᠃ ᠡᠭᠦᠨ ᠢᠶᠠᠷ ᠪᠠᠷᠠᠬᠤ ᠦᠭᠡᠢ ᠮᠠᠰᠢ ᠣᠯᠠᠨ ᠪᠠᠶᠢᠭᠤᠯᠭ᠎ᠠ ᠨᠢᠭᠡᠴᠡ ᠪᠦᠷ ᠸᠢᠴᠠᠲ ᠤᠨ ᠬᠤᠯᠪᠣᠭ᠎ᠠ ᠪᠠᠶᠢᠭᠤᠯᠵᠤ᠂ ᠠᠵᠢᠯ ᠳᠡᠭᠡᠷᠡᠬᠢ ᠵᠠᠷᠢᠮ ᠶᠠᠪᠤᠳᠠᠯ  ᠢᠶᠠᠨ ᠰᠢᠭᠤᠳ ᠸᠢᠴᠠᠲ ᠤᠨ ᠬᠤᠯᠪᠣᠭᠠᠨ ᠳᠠᠭᠠᠨ ᠮᠡᠳᠡᠭᠳᠡᠵᠦ᠂ ᠸᠢᠴᠠᠲ ᠨᠢ ᠪᠢᠳᠠᠨ ᠤ ᠡᠳᠦᠷ ᠲᠤᠲᠤᠮ ᠤᠨ ᠠᠵᠢᠯ ᠠᠮᠢᠳᠤᠷᠠᠯ ᠲᠠᠢ ᠰᠠᠯᠤᠰᠢ ᠦᠭᠡᠢ ᠵᠦᠢᠯ ᠪᠣᠯᠣᠭᠰᠠᠨ ᠪᠠᠶᠢᠨ᠎ᠠ᠃ ᠭᠡᠪᠡᠴᠦ ᠸᠢᠴᠠᠲ ᠤᠨ ᠥᠷᠭᠡᠨ ᠬᠡᠷᠡᠭᠯᠡᠭᠡ ᠶᠢ ᠳᠠᠭᠠᠯᠳᠤᠨ ᠪᠠᠰᠠ ᠵᠠᠷᠢᠮ ᠬᠠᠤᠯᠢ ᠳᠦᠷᠢᠮ᠂ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ ᠢᠯᠡᠷᠡᠵᠦ ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠰᠠᠨᠠᠭᠤᠯᠬᠤ ᠳᠠᠭᠠᠨ᠂ ᠸᠢᠴᠠᠲ ᠤᠨ ᠨᠠᠶᠢᠵᠠ ᠶᠢᠨ ᠲᠣᠭᠤᠷᠢᠭ᠂ ᠸᠢᠴᠠᠲ ᠤᠨ ᠬᠤᠯᠪᠣᠭ᠎ᠠ ᠪᠣᠯ ᠬᠠᠤᠯᠢ ᠠᠴᠠ ᠭᠠᠳᠠᠭᠤᠷ ᠵᠦᠢᠯ ᠪᠢᠰᠢ ᠪᠣᠯᠬᠤᠷ ᠡᠷᠬᠡᠪᠰᠢ ᠬᠠᠤᠯᠢ ᠰᠠᠬᠢᠯᠭ᠎ᠠ ᠶᠢ ᠵᠢᠷᠤᠮᠯᠠᠨ ᠬᠡᠷᠡᠭᠯᠡᠬᠦ ᠬᠡᠷᠡᠭᠲᠡᠢ᠃ ᠨᠡᠩ ᠢᠯᠠᠩᠭᠤᠶ᠎ᠠ ᠨᠠᠮ ᠤᠨ ᠭᠡᠰᠢᠭᠦᠨ ᠺᠠᠳ᠋ᠷᠴᠤᠤᠠ ᠸᠢᠴᠠᠲ ᠬᠡᠷᠡᠭᠯᠡᠬᠦ ᠳᠡᠭᠡᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠠᠩᠬᠠᠷᠴᠤ᠂ ᠬᠠᠮᠢᠶ᠎ᠠ ᠪᠦᠬᠦᠢ ᠬᠠᠤᠯᠢ ᠰᠠᠬᠢᠯᠭ᠎ᠠ ᠶᠢ ᠵᠢᠷᠤᠮᠯᠠᠨ᠂ ᠥᠪᠡᠷ  ᠤᠨ ᠪᠡᠶ᠎ᠡ ᠪᠠᠨ ᠴᠠᠭ ᠢᠮᠠᠭᠲᠠ ᠴᠢᠩᠭ᠎ᠠ ᠱᠠᠭᠠᠷᠳᠠᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号