4 ᠰᠠᠷ᠎ᠠ ᠶᠢᠨ 13 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠬᠤ ᠬᠤᠷᠠᠯ ᠬᠤᠷᠠᠯᠳᠤᠭᠤᠯᠪᠠ᠃ ᠪᠡᠭᠡᠵᠢᠩ ᠬᠤᠲᠠ ᠶᠢᠨ | ᠬᠠᠶᠢᠳᠢᠶᠠᠨ ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠶᠢᠨ ᠳᠡᠳ᠋ ᠳᠠᠷᠤᠭ᠎ᠠ᠂ ᠬᠤᠶᠠᠳᠤᠭᠠᠷ | ᠳᠡᠰ ᠤᠨ ᠪᠠᠶᠢᠴᠠᠭᠠᠨ ᠰᠤᠳᠤᠯᠤᠭᠴᠢ ᠰᠢᠶᠠᠩ ᠵᠢᠩ ᠶᠠᠩ ᠨᠠᠷ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠠᠯ ᠢ ᠡᠷᠬᠢᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ | ᠥᠷᠨᠢᠭᠦᠯᠦᠭᠰᠡᠨ ᠠᠴᠠ ᠨᠠᠰᠢ᠂ ᠪᠡᠯᠡ ᠮᠥᠩᠭᠦ ᠶᠢᠨ ᠳᠡᠮᠵᠢᠯᠭᠡ᠂ ᠪᠠᠶᠢᠴᠠᠭᠠᠨ ᠰᠤᠳᠤᠯᠤᠯᠲᠠ ᠬᠢᠵᠦ ᠵᠣᠯᠭᠠᠭᠤᠯᠬᠤ᠂ | ᠬᠤᠣᠰᠯᠠᠨ ᠬᠠᠪᠰᠤᠷᠤᠨ ᠲᠡᠳᠬᠦᠬᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠬᠡᠷᠡᠭᠯᠡᠭᠡ ᠪᠠᠷ ᠬᠠᠪᠰᠤᠷᠤᠨ | ᠲᠡᠳᠬᠦᠬᠦ᠂ ᠴᠢᠳᠠᠪᠤᠷᠢᠲᠠᠨ ᠰᠣᠯᠢᠯᠴᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠨᠡᠶᠢᠲᠡᠯᠢᠭ ᠵᠢᠱᠢᠶ᠎ᠡ ᠶᠢ ᠦᠷᠭᠦᠯᠵᠢᠯᠡᠨ ᠴᠣᠭᠴᠠᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠯᠠᠨ ᠲᠠᠯ᠎ᠠ ᠶᠢᠨ ᠬᠥᠭᠵᠢᠯᠲᠡ ᠡᠯᠪᠡᠭ ᠪᠠᠶᠠᠯᠢᠭ ᠦᠷ᠎ᠡ | ᠪᠦᠲᠦᠭᠡᠯ ᠣᠯᠪᠠ᠃ | ᠸᠠᠩ ᠬᠠᠢ ᠶᠢᠩ ᠢᠯᠡᠷᠬᠡᠶᠢᠯᠡᠬᠦ ᠳᠡᠭᠡᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠨᠢ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮ ᠡᠮᠨᠡᠯᠭᠡ᠂ ᠰᠤᠷᠭᠠᠨ ᠬᠥᠮᠦᠵᠢᠯ᠂ ᠬᠡᠷᠡᠭᠯᠡᠭᠡ ᠵᠡᠷᠭᠡ | ᠲᠠᠯ᠎ᠠ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ | ᠥᠷᠨᠢᠭᠦᠯᠬᠦ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠡᠢ᠃ | ᠰᠢᠶᠠᠩ ᠵᠢᠩ ᠶᠠᠩ᠂ ᠬᠠᠢ ᠳ᠋ᠢᠶᠠᠨ ᠲᠣᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠮᠠᠰᠢ ᠶᠡᠭᠡ ᠪᠠᠶᠢᠵᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠪᠡᠭᠡᠵᠢᠩ ᠳᠤ ᠣᠷᠣᠵᠤ ᠪᠣᠷᠣᠯᠠᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠃ ᠲᠡᠷᠡ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠯᠤᠭ᠎ᠠ ᠶᠢᠨ ᠡᠯ᠎ᠡ ᠲᠠᠯ᠎ᠠ ᠶᠢᠨ ᠬᠠᠮᠲᠤᠷᠠᠯᠴᠠᠭ᠎ᠠ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ᠂ ᠬᠠᠮᠲᠤᠷᠠᠯᠴᠠᠨ ᠬᠥᠭᠵᠢᠬᠦ ᠵᠡᠷᠭᠡ ᠬᠠᠮᠵᠢᠯᠴᠠᠬᠤ ᠵᠠᠭᠪᠤᠷ ᠢ ᠭᠦᠨᠵᠡᠭᠡᠶᠢᠷᠡᠭᠦᠯᠵᠦ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠨ᠎ᠡ ᠭᠡᠵᠡᠢ᠃ | ᠬᠤᠷᠠᠯ ᠠᠴᠠ ᠭᠦᠨ ᠳᠠᠪᠬᠤᠷᠭ᠎ᠠ ᠶᠢᠨ ᠰᠣᠯᠢᠯᠴᠠᠭ᠎ᠠ ᠶᠠᠷᠢᠯᠴᠠᠭ᠎ᠠ ᠪᠠᠷ ᠳᠠᠮᠵᠢᠭᠤᠯᠤᠨ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠠᠵᠢᠯ᠂ ︽ᠳᠤᠮᠳᠠᠳᠤ ᠲᠠᠩᠭᠢᠰ ᠤᠨ | ᠬᠠᠮᠵᠢᠯᠴᠠᠭ᠎ᠠ︾ ᠶᠢ ᠡᠨᠡ ᠵᠢᠯ ᠤᠨ ᠠᠵᠢᠯ ᠤᠨ ᠭᠤᠣᠯᠳᠠᠯᠭ᠎ᠠ ᠪᠣᠯᠭᠠᠪᠠ᠃ ᠬᠤᠶᠠᠷ ᠲᠠᠯ᠎ᠠ ᠪᠠᠷ ᠢᠶᠠᠨ ᠲᠤᠰ | ᠤᠳᠠᠭᠠᠨ ᠤ ᠵᠣᠯᠭᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠶᠢᠳᠢᠶᠠᠨ ᠲᠣᠭᠤᠷᠢᠭ ᠤᠨ ᠡᠯ᠎ᠡ ᠰᠠᠯᠠᠭ᠎ᠠ | ᠮᠥᠴᠢᠷ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠯᠤᠭ᠎ᠠ ᠶᠢᠨ ᠵᠣᠬᠢᠴᠠᠩᠭᠤᠢ ᠰᠠᠯᠠᠭ᠎ᠠ ᠮᠥᠴᠢᠷ ᠯᠦᠭᠡ | ᠵᠣᠯᠭᠠᠭᠤᠯᠵᠤ ᠬᠠᠷᠢᠯᠴᠠᠨ ᠰᠤᠷᠪᠤᠯᠵᠢᠯᠠᠬᠤ ᠶᠢ ᠭᠦᠨᠵᠡᠭᠡᠢ ᠥᠷᠨᠢᠭᠦᠯᠬᠦ ᠶᠢ ᠠᠬᠢᠭᠤᠯᠬᠤ ᠶᠢᠨ ᠬᠠᠮᠲᠤ ᠲᠣᠰᠬᠤᠨ | ᠠᠵᠤ ᠠᠬᠤᠶᠢᠯᠠᠯ᠂ ᠲᠣᠰᠬᠤᠨ ᠲᠣᠰᠬᠤᠨ᠂ ᠰᠤᠷᠭᠠᠭᠤᠯᠢ᠂ ᠡᠮᠨᠡᠯᠭᠡ ᠶᠢᠨ ᠬᠤᠷᠢ᠊ ᠡᠶ᠎ᠡ ᠵᠡᠷᠭᠡ ᠬᠠᠪᠰᠤᠷᠤᠨ | ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠣᠰᠯᠠᠨ ᠬᠠᠪᠰᠤᠷᠤᠨ ᠲᠡᠳᠬᠦᠬᠦ ᠰᠢᠨ᠎ᠡ | ᠵᠠᠭᠪᠤᠷ ᠢ ᠬᠠᠶᠢᠨ ᠰᠦᠪᠡᠭᠴᠢᠯᠡᠨ᠎ᠡ ᠭᠡᠵᠦ ᠢᠯᠡᠳᠬᠡᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠹᠧᠩ ᠵᠢᠶᠠᠨ | ᠵᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠧᠨ | ᠴᠤᠸᠠᠨ ᠮᠢᠨ ᠬᠤᠷᠠᠯ ᠳᠤ ᠣᠷᠣᠯᠴᠠᠵᠠᠢ᠃ |