ᠪᠠᠶᠠᠨᠬᠤᠰᠢᠭᠤ ᠪᠠᠯᠭᠠᠰᠤ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/15
   2024 ᠣᠨ ᠤ 4 ᠰᠠᠷ᠎ᠠ ᠪᠣᠯ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠣᠯᠤᠨ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠴᠡᠪᠡᠷ ᠲᠡᠭᠰᠢ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠣᠢ ᠪᠣᠯᠭᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠲᠦᠭᠡᠮᠡᠯᠵᠢᠭᠦᠯᠦᠨ᠂ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠢ ᠤᠯᠠᠮᠵᠢᠯᠠᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠬᠢᠷᠢ ᠲᠦᠪᠰᠢᠨ ᠢ ᠳᠡᠭᠡᠭᠰᠢᠯᠡᠬᠦᠯᠬᠦ ᠶᠢᠨ ᠳᠦᠯᠦᠭᠡ᠂ ᠣᠶᠢᠷ᠎ᠠ ᠳᠤ᠂ ᠪᠠᠶᠠᠨᠬᠤᠰᠢᠭᠤ ᠪᠠᠯᠭᠠᠰᠤ ︽ᠡᠷᠡᠭᠦᠯ ᠡᠩᠬᠡ ᠬᠤᠲᠠ ᠪᠠᠯᠭᠠᠰᠤ᠂ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ︾ ᠶᠢᠨ ᠭᠤᠣᠯ ᠰᠡᠳᠦᠪ ᠤᠨ ᠲᠣᠭᠤᠷᠢᠨ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠰᠢᠷᠢᠰ ᠠᠵᠢᠯᠯᠠᠭ᠎ᠠ ᠥᠷᠨᠢᠭᠦᠯᠪᠡ᠃    ᠪᠠᠶᠠᠨᠬᠤᠰᠢᠭᠤ ᠪᠠᠯᠭᠠᠰᠤᠨ ᠤ ︽36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠶᠢ ᠡᠬᠢᠯᠡᠭᠦᠯᠬᠦ ᠬᠤᠷᠠᠯ ᠢ ᠬᠤᠷᠠᠯᠳᠤᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠬᠠᠪᠤᠷ ᠤᠨ ᠤᠯᠠᠷᠢᠯ ᠤᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ ᠭᠠᠴᠠᠭ᠎ᠠ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠭᠠᠷᠠᠭ ᠤᠨ ᠬᠤᠭᠤᠴᠠᠭ᠎ᠠ ᠲᠠᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠥᠨᠴᠥᠭ ᠪᠤᠯᠤᠩ ᠢ ᠴᠡᠪᠡᠷᠯᠡᠵᠦ᠂ ᠡᠪᠡᠳᠴᠢᠨ ᠤ ᠵᠠᠭᠤᠴᠢᠯᠠᠭᠤᠷ ᠢ ᠠᠷᠢᠯᠭᠠᠵᠤ᠂ ᠪᠠᠯᠠᠢ ᠣᠷᠣᠨ ᠢ ᠠᠷᠢᠯᠭᠠᠵᠤ᠂ ᠡᠷᠡᠭᠦᠯ ᠮᠡᠨᠳᠦ᠂ ᠡᠷᠡᠭᠦᠯ ᠬᠠᠮᠠᠭᠠᠯᠠᠯ᠂ ᠠᠷᠢᠭᠤᠨ ᠴᠡᠪᠡᠷ ᠲᠣᠰᠬᠤᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠬᠠᠮᠲᠤᠪᠠᠷ ᠪᠣᠢ ᠪᠣᠯᠭᠠᠬᠤ ᠬᠡᠷᠡᠭᠲᠡᠢ᠃    ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠶᠢᠭᠤᠯᠭ᠎ᠠ᠂ ᠡᠷᠡᠭᠦᠯ ᠮᠡᠨᠳᠦ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠢ ᠭᠠᠴᠠᠭ᠎ᠠ ᠲᠣᠰᠬᠤᠨ ᠳᠤ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠠᠳᠠᠯᠢ ᠪᠤᠰᠤ ᠬᠥᠮᠦᠰ ᠲᠤ ᠴᠢᠭᠯᠡᠭᠦᠯᠦᠨ᠂ ᠣᠯᠠᠨ ᠵᠦᠢᠯ ᠤᠨ ᠬᠡᠯᠪᠡᠷᠢ ᠮᠠᠶ᠋ᠢᠭ ᠪᠦᠬᠦᠢ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ︽ᠡᠷᠡᠭᠦᠯ ᠮᠡᠨᠳᠦ ᠶᠢᠨ ᠬᠡᠪ ᠪᠣᠯᠪᠠᠰᠤᠷᠠᠯ 66 ᠵᠤᠷᠪᠤᠰ︾᠂ ︽ᠭᠤᠷᠪᠠ ᠶᠢ ᠪᠠᠭᠠᠰᠬᠠᠵᠤ ᠭᠤᠷᠪᠠᠨ ᠴᠢᠭᠢᠷᠠᠭᠵᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠵᠢᠵᠢᠭ ᠮᠠᠷᠢᠶᠠᠲᠤ ᠲᠤᠯᠭᠠᠭᠤᠷᠢ ᠂ ᠢᠳᠡᠭᠡᠨ ᠤᠮᠳᠠᠭᠠᠨ ᠤ ᠬᠡᠯᠪᠡᠷᠢ ᠶᠢᠨ ᠲᠠᠷᠭᠤᠨ ᠵᠡᠷᠭᠡ ᠪᠠᠶᠢᠩᠭᠤ ᠲᠣᠬᠢᠶᠠᠯᠳᠤᠬᠤ ᠠᠰᠠᠭᠤᠳᠠᠯ ᠲᠠᠢ ᠤᠶᠠᠯᠳᠤᠭᠤᠯᠤᠨ᠂ ᠨᠢᠭᠤᠷᠲᠠᠨ ᠲᠠᠶᠢᠯᠪᠤᠷᠢᠯᠠᠬᠤ᠂ ᠡᠷᠦᠬᠡ ᠳᠤ ᠬᠦᠷᠴᠦ ᠰᠤᠷᠪᠤᠯᠵᠢᠯᠠᠨ ᠤᠬᠠᠭᠤᠯᠬᠤ᠂ ᠤᠬᠠᠭᠤᠯᠭ᠎ᠠ ᠶᠢᠨ ᠵᠠᠷᠯᠠᠯ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠺᠠᠳ᠋ᠷ ᠠᠵᠢᠯᠲᠠᠨ ᠠᠵᠢᠯᠴᠢᠨ᠂ ᠮᠠᠯᠴᠢᠨ ᠲᠠᠷᠢᠶᠠᠴᠢᠨ᠂ ᠰᠤᠷᠤᠭᠴᠢ ᠵᠡᠷᠭᠡ ᠬᠠᠮᠲᠤᠯᠢᠭ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ ᠦᠢᠯᠡ ᠠᠵᠢᠯᠯᠠᠭ᠎ᠠ ᠶᠢᠨ ᠳᠠᠳᠬᠠᠯ ᠲᠠᠢ ᠪᠣᠯᠭᠠᠬᠤ ᠶᠢᠨ ᠬᠠᠮᠲᠤ᠂ ᠡᠩ ᠤᠨ ᠦᠶ᠎ᠡ ᠳᠤ ᠪᠠᠰᠠ ᠵᠦᠢ ᠵᠣᠬᠢᠰᠲᠠᠢ ᠬᠤᠭᠤᠯᠠ ᠢᠳᠡᠬᠦ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ ᠲᠠᠮᠠᠬᠢ ᠪᠠᠨ ᠵᠣᠭᠰᠣᠭᠠᠵᠤ ᠠᠷᠢᠬᠢ ᠶᠢ ᠬᠢᠵᠠᠭᠠᠷᠯᠠᠬᠤ᠂ ᠰᠡᠳᠬᠢᠴᠡ ᠶᠢᠨ ᠲᠣᠬᠢᠷᠠᠭᠤᠯᠤᠯᠲᠠ ᠪᠠᠨ ᠪᠦᠲᠦᠮᠵᠢᠲᠡᠢ ᠬᠠᠮᠢᠶᠠᠷᠬᠤ ᠶᠢ ᠠᠩᠬᠠᠷᠴᠤ᠂ ᠥᠪᠡᠷ ᠤᠨ ᠪᠡᠶ᠎ᠡ ᠶᠢᠨ ᠬᠦᠨᠳᠦ ᠪᠠᠨ ᠪᠦᠲᠦᠮᠵᠢᠲᠡᠢ ᠬᠠᠮᠢᠶᠠᠷᠴᠤ᠂ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭᠲᠡᠢ ᠭᠡᠵᠦ ᠰᠠᠨᠠᠭᠤᠯᠪᠠ᠃    ᠡᠯ᠎ᠡ ᠭᠠᠴᠠᠭ᠎ᠠ ᠪᠣᠳᠠᠲᠤ ᠪᠠᠶᠢᠳᠠᠯ ᠢᠶᠠᠨ ᠦᠨᠳᠦᠰᠦᠯᠡᠨ᠂ ︽ᠬᠤᠶᠠᠷ ᠵᠥᠪᠯᠡᠯ︾ ᠤᠨ ᠪᠦᠷᠢᠯᠳᠦᠬᠦᠨ᠂ ᠴᠡᠪᠡᠷᠯᠡᠭᠴᠢ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠦᠴᠦᠨ ᠢ ᠥᠷᠭᠡᠨ ᠢᠶᠠᠷ ᠳᠠᠶᠢᠴᠢᠯᠠᠵᠤ᠂ ᠵᠠᠮ ᠳᠠᠭᠠᠤ ᠶᠢᠨ ᠬᠤᠭ ᠨᠣᠪᠰᠢ᠂ ᠭᠡᠷ ᠤᠨ ᠠᠷᠤ ᠥᠪᠥᠷ᠂ ᠭᠤᠣᠯ ᠤᠨ ᠵᠠᠮ ᠭᠤᠤ ᠰᠤᠪᠠᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠠᠷᠢᠯᠭᠠᠪᠠ᠃ ᠡᠭᠦᠨ ᠤ ᠬᠠᠮᠲᠤ ᠪᠠᠰᠠ ᠤᠳᠬᠤᠭᠤᠷ ᠲᠡᠷᠭᠡ᠂ ᠬᠤᠭ ᠨᠣᠪᠰᠢ ᠶᠢᠨ ᠲᠡᠷᠭᠡ ᠵᠡᠷᠭᠡ ᠮᠠᠰᠢᠨ ᠮᠧᠬᠠᠨᠢᠭ ᠢ ᠴᠠᠭ ᠲᠤᠬᠠᠢ ᠳᠤᠨᠢ ᠳᠠᠮᠵᠢᠭᠤᠯᠤᠨ ᠲᠡᠭᠡᠭᠡᠪᠦᠷᠢᠯᠡᠵᠦ᠂ ᠬᠤᠭ ᠨᠣᠪᠰᠢ ᠶᠢᠨ ᠲᠠᠯᠠᠪᠠᠢ ᠶᠢ ᠲᠥᠪᠯᠡᠷᠡᠭᠦᠯᠦᠨ ᠴᠡᠪᠡᠷᠯᠡᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠬᠠᠯᠳᠠᠪᠤᠷᠢᠯᠠᠬᠤ ᠲᠦᠭᠰᠢᠭᠦᠷᠢ ᠶᠢ ᠴᠠᠭ ᠲᠤᠬᠠᠢ ᠳᠤᠨᠢ ᠬᠤᠷᠢᠭᠯᠠᠵᠤ᠂ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃    ᠳᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠪᠠᠯᠭᠠᠰᠤ ᠲᠤᠰ ᠤᠳᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠪᠠ ᠠᠵᠢᠯᠯᠠᠭ᠎ᠠ ᠶᠢ ᠡᠷᠦᠬᠡ ᠪᠦᠷᠢ ᠳᠤ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号