ᠪᠦᠬᠦ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠣᠷᠴᠢᠨ ᠲᠣᠭᠤᠷᠢᠨ ᠤ ᠦᠷᠭᠦᠯᠵᠢᠯᠡᠨ | ᠲᠣᠭᠲᠠᠭᠤᠨ ᠪᠠᠶᠢᠬᠤ ᠶᠢ ᠪᠠᠲᠤᠯᠠᠵᠤ᠂ ᠡᠯ᠎ᠡ ᠲᠥᠷᠥᠯ ᠤᠨ ᠭᠠᠯ ᠤᠨ ᠠᠶᠤᠯ ᠤᠨ ᠠᠳᠠᠯ ᠭᠠᠷᠬᠤ ᠶᠢ ᠰᠡᠷᠭᠡᠶᠢᠯᠡᠨ | ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠴᠣᠩᠬᠤ ᠶᠢ | ᠡᠪᠳᠡᠵᠦ ᠲᠣᠣᠷ ᠢ ᠡᠪᠳᠡᠬᠦ︾ ᠠᠵᠢᠯᠯᠠᠭ᠎ᠠ ᠥᠷᠨᠢᠭᠦᠯᠬᠦ ᠶᠢᠨ ᠬᠠᠮᠲᠤ ᠬᠠᠷᠢᠶᠠᠲᠤ ᠣᠷᠣᠨ ᠤ ᠬᠤᠳᠠᠯᠳᠤᠭᠠᠨ ᠤ | ᠫᠦᠰᠡ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ | ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠠᠵᠢᠯᠲᠠᠳ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠬᠤ᠂ ᠴᠢᠩᠭ᠎ᠠ ᠴᠡᠭᠴᠡᠯᠡᠨ ᠵᠠᠰᠠᠬᠤ ᠠᠵᠢᠯ ᠤᠨ ᠠᠷᠭ᠎ᠠ | ᠮᠠᠶ᠋ᠢᠭ ᠶᠣᠰᠣᠭᠠᠷ᠂ ᠲᠣᠣᠷ ᠲᠠᠲᠠᠬᠤ ᠮᠠᠶ᠋ᠢᠭ ᠤᠨ ᠶᠡᠭᠡ ᠪᠠᠶᠢᠴᠠᠭᠠᠯᠲᠠ ᠶᠢᠨ ᠠᠷᠭ᠎ᠠ ᠶᠢ ᠠᠪᠴᠤ᠂ ᠬᠠᠷᠢᠶ᠎ᠠ | ᠣᠷᠣᠨ ᠤ ᠳᠣᠲᠣᠷᠠᠬᠢ ᠬᠤᠳᠠᠯᠳᠤᠭᠠᠨ ᠤ ᠫᠦᠰᠡ ᠶᠢ ᠵᠢᠭᠰᠠᠭᠠᠨ ᠪᠠᠶᠢᠴᠠᠭᠠᠵᠤ᠂ ᠡᠯ᠎ᠡ ᠡᠵᠡᠩᠨᠡᠯᠲᠡ ᠶᠢᠨ ᠲᠠᠯᠠᠪᠤᠷ | ᠭᠠᠵᠠᠷ ᠲᠤ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠲᠡᠮᠦᠷ ᠬᠡᠷᠡᠰᠬᠡ᠂ | ᠲᠡᠮᠦᠷ ᠲᠣᠣᠷ ᠵᠡᠷᠭᠡ ᠬᠠᠷᠰᠢ ᠰᠠᠭᠠᠳ ᠭᠠᠷᠭᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ᠭᠡᠵᠦ ᠱᠠᠭᠠᠷᠳᠠᠪᠠ᠃ ᠲᠤᠰ | ᠤᠳᠠᠭᠠᠨ ᠤ ᠵᠢᠭᠰᠠᠭᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠭᠠᠯ ᠤᠨᠲᠠᠷᠠᠭᠠᠬᠤ | ᠬᠥᠮᠦᠰ ᠢ ᠨᠢᠭᠡᠳ ᠨᠢᠭᠡ ᠪᠠᠷ ᠳᠠᠩᠰᠠᠯᠠᠨ ᠲᠡᠮᠳᠡᠭᠯᠡᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ | ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠭᠠᠯ ᠤᠨ ᠭᠠᠮᠰᠢᠭ ᠤᠨ ᠳᠠᠯᠳᠠ ᠭᠡᠮ ᠢ ᠴᠠᠭ | ᠲᠤᠬᠠᠢ ᠳᠤᠨᠢ ᠠᠷᠢᠯᠭᠠᠵᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠡᠰᠡᠭ ᠬᠤᠳᠠᠯᠳᠤᠭᠠᠴᠢᠨ ᠡᠷᠦᠬᠡ ᠠᠮᠤᠷ | ᠲᠦᠪᠰᠢᠨ ᠤ ᠳᠠᠯᠳᠠ ᠭᠡᠮ ᠲᠠᠢ ᠭᠡᠵᠦ ᠮᠡᠳᠡᠭᠳᠡᠭᠰᠡᠨ ᠬᠤᠶᠢᠨ᠎ᠠ᠂ ᠲᠡᠷᠡ ᠳᠠᠷᠤᠢ ᠳᠤᠨᠢ ᠪᠠᠭᠠᠵᠢ ᠬᠡᠷᠡᠭᠰᠡᠯ ᠢᠶᠠᠨ | ᠭᠠᠷᠭᠠᠵᠤ ᠥᠭᠡᠷᠡᠴᠢᠯᠡᠪᠡ᠃ | ᠬᠡᠳᠦ᠋ᠢᠪᠡᠷ ᠲᠡᠮᠦᠷ ᠬᠡᠷᠡᠰᠬᠡ ᠨᠢ ᠬᠥᠮᠦᠨ ᠤ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠵᠤ ᠴᠢᠳᠠᠬᠤ ᠪᠣᠯᠪᠠᠴᠤ | ᠭᠠᠯ ᠤᠨ ᠠᠶᠤᠯ ᠭᠠᠷᠤᠮᠠᠭᠴᠠ ᠲᠡᠮᠦᠷ ᠬᠡᠷᠡᠰᠬᠡ ᠨᠢ ᠠᠮᠢ ᠵᠢᠭᠤᠲᠠᠬᠤ ᠵᠠᠮ ᠳᠡᠭᠡᠷᠡᠬᠢ ︿ᠵᠠᠮ ᠬᠠᠰᠢᠬᠤ ᠪᠠᠷᠰ﹀ | ᠪᠣᠯᠤᠭᠰᠠᠨ ᠪᠠᠶᠢᠨ᠎ᠠ᠃ ᠪᠢ ᠡᠵᠡᠩᠨᠡᠯᠲᠡ ᠶᠢᠨ ᠭᠠᠵᠠᠷ ᠤᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠭᠠᠯ | ᠤᠨᠲᠠᠷᠠᠭᠠᠬᠤ ᠰᠠᠯᠠᠭ᠎ᠠ ᠮᠥᠴᠢᠷ ᠤᠨ ᠨᠤᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠨ᠎ᠠ᠃ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠪᠢ ᠶᠢᠨ ᠦᠶ᠋ᠯᠡᠳᠪᠦᠷᠢ ᠬᠤᠳᠠᠯᠳᠤᠬᠠᠨ ᠤ ᠡᠷᠦᠬᠡ ᠲᠦᠩ ᠰᠢᠦᠸᠡᠢ | ᠭᠠᠩ ᠬᠡᠯᠡᠭᠰᠡᠨ ᠨᠢ᠃ | ᠡᠭᠦᠨ ᠤ ᠬᠠᠮᠲᠤ᠂ ᠭᠠᠯ ᠤᠨᠲᠠᠷᠠᠭᠠᠬᠤ ᠠᠵᠢᠯᠲᠠᠳ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠲᠤ ᠭᠠᠯ | ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ | ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ᠂ | ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠭᠠᠯ ᠤᠨ ᠠᠶᠤᠯ ᠢ | ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ︽ | ᠥᠨᠴᠥᠭ ᠪᠤᠯᠤᠩ ᠦᠯᠡᠳᠡᠭᠡᠬᠦ ᠦᠭᠡᠢ︾ ᠶᠢ ᠦᠨᠡᠨᠬᠦ ᠪᠠᠲᠤᠯᠠᠬᠤ ᠬᠡᠷᠡᠭᠲᠡᠢ᠃ | ︽ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠤᠨ ᠭᠠᠯ ᠤᠨ ᠠᠶᠤᠯ ᠤᠨ ᠠᠳᠠᠯ ᠠᠴᠠ ᠭᠦᠨᠵᠡᠭᠡᠢ | ᠰᠤᠷᠭᠠᠮᠵᠢ ᠠᠪᠴᠤ᠂ ᠪᠦᠬᠦ ᠬᠤᠰᠢᠭᠤᠨ ᠤ ︿ᠴᠣᠩᠬᠤ ᠶᠢ ᠵᠠᠳᠠᠯᠵᠤ ᠲᠣᠣᠷ ᠢ ᠡᠪᠳᠡᠬᠦ﹀ ᠠᠵᠢᠯᠯᠠᠭ᠎ᠠ ᠶᠢ ᠯᠠᠪᠳᠠᠭᠤᠨ | ᠪᠠᠲᠤᠲᠠᠢ ᠠᠬᠢᠭᠤᠯᠬᠤ ᠶᠢᠨ ᠲᠥᠯᠥᠭᠡ᠂ ᠪᠢᠳᠡ ︿ᠪᠠᠶᠢᠴᠠᠭᠠᠬᠤ ᠶᠢᠨ ᠳᠠᠭᠠᠤ ᠵᠢᠯᠣᠭᠤᠳᠬᠤ﹀ ᠠᠷᠭ᠎ᠠ ᠬᠡᠯᠪᠡᠷᠢ ᠶᠢ | ᠠᠪᠴᠤ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠢᠶᠠᠷ ᠭᠤᠣᠯᠳᠠᠯᠭ᠎ᠠ ᠪᠣᠯᠭᠠᠨ᠂ ᠡᠭᠦᠳᠡ ᠴᠣᠩᠬᠤ ᠪᠠᠷ | ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠵᠦ ᠪᠠᠶᠢᠭ᠎ᠠ ᠭᠡᠷ ᠤᠨ ᠭᠠᠳᠠᠨᠠᠬᠢ ᠵᠠᠷ | ᠮᠡᠳᠡᠭᠡ ᠶᠢᠨ ᠫᠠᠶᠢᠰᠠ᠂ ᠬᠤᠯᠠᠭᠠᠶᠢᠯᠠᠬᠤ ᠴᠣᠩᠬᠤ᠂ ᠲᠡᠮᠦᠷ ᠬᠡᠷᠡᠰᠬᠡ ᠵᠡᠷᠭᠡ ᠬᠠᠷᠰᠢ ᠰᠠᠭᠠᠳ ᠢ ᠪᠦᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠠᠴᠢᠮ ᠴᠠᠭ ᠮᠥᠴᠡ ᠳᠤ ︿ᠠᠮᠢ ᠨᠠᠰᠤᠨ ᠤ ᠵᠠᠮ﹀ ᠤᠨ ᠰᠠᠭᠠᠳ | ᠦᠭᠡᠢ ᠨᠡᠪᠲᠡᠷᠡᠬᠦ ᠶᠢ ᠪᠠᠲᠤᠯᠠᠪᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨᠠᠯᠲᠠ ᠲᠠᠯᠪᠢᠭᠴᠢ ᠯᠢᠦ ᠢ ᠬᠡᠯᠡᠪᠡ᠃ |