ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ | ᠠᠷᠠᠳ ᠢᠷᠭᠡᠨ᠂ ᠬᠠᠤᠯᠢ ᠶᠢᠨ ᠡᠷᠬᠡᠲᠡᠨ ᠤ ᠵᠦᠢ ᠵᠣᠬᠢᠰᠲᠠᠢ ᠬᠠᠤᠯᠢ ᠶᠣᠰᠣᠭᠠᠷ ᠡᠷᠬᠡ ᠠᠰᠢᠭ ᠢᠶᠠᠨ | ᠬᠠᠮᠠᠭᠠᠯᠠᠬᠤ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ 4 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠬᠠᠤᠯᠢ ᠪᠠᠷ ᠵᠠᠰᠠᠬᠤ ᠶᠢ ᠡᠷᠬᠢᠮᠯᠡᠨ | ᠦᠨᠡᠨᠴᠢ ᠢᠲᠡᠭᠡᠮᠵᠢ ᠶᠢ ᠪᠣᠢ ᠪᠣᠯᠭᠠᠬᠤ︾ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ | ᠠᠵᠢᠯᠯᠠᠭ᠎ᠠ ᠨᠢ ᠠᠰᠠᠭᠤᠨ ᠯᠠᠪᠯᠠᠬᠤ ᠴᠡᠭ ᠪᠠᠶᠢᠭᠤᠯᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠤᠬᠠᠢ ᠶᠢᠨ ᠲᠠᠯᠠᠪᠤᠷ ᠤᠨ ᠣᠯᠠᠨ | ᠲᠦᠮᠡᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ | ᠲᠦᠭᠡᠮᠡᠯᠵᠢᠭᠦᠯᠬᠦ ᠶᠢᠨ ᠬᠠᠮᠲᠤ ᠣᠯᠠᠨ ᠲᠦᠮᠡᠨ ᠳᠤ ᠲᠡᠳᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ | ᠬᠠᠤᠯᠢ ᠴᠠᠭᠠᠵᠠ ᠶᠢᠨ ᠠᠰᠠᠭᠤᠳᠠᠯ ᠢ ᠬᠠᠷᠢᠭᠤᠯᠵᠤ ᠥᠭᠪᠡ᠃ ᠠᠵᠢᠯᠲᠠᠳ ᠪᠠᠰᠠ ᠰᠢᠨ᠎ᠡ ᠵᠠᠰᠠᠭ ᠵᠠᠬᠢᠷᠭᠠᠨ ᠤ | ᠳᠠᠬᠢᠨ ᠵᠥᠪᠯᠡᠬᠦ ᠬᠠᠤᠯᠢ ᠳᠤ ᠵᠠᠰᠠᠪᠤᠷᠢ ᠣᠷᠣᠭᠤᠯᠤᠭᠰᠠᠨ ᠠᠭᠤᠯᠭ᠎ᠠ ᠶᠢᠨ ᠲᠣᠭᠤᠷᠢᠨ ᠳᠤ᠂ ᠣᠯᠠᠨ ᠲᠦᠮᠡᠨ ᠳᠤ | ᠭᠤᠣᠯᠳᠠᠯᠭ᠎ᠠ ᠲᠠᠢ ᠤᠬᠠᠭᠤᠯᠭ᠎ᠠ ᠪᠠ ᠲᠠᠶᠢᠯᠪᠤᠷᠢᠯᠠᠯᠲᠠ ᠬᠢᠪᠡ᠃ ᠠᠵᠢᠯᠯᠠᠭ᠎ᠠ ᠳᠤ ᠨᠡᠶᠢᠲᠡ 200 ᠭᠠᠷᠤᠢ ᠬᠤᠪᠢ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠳᠤ 20 ᠭᠠᠷᠤᠢ | ᠤᠳᠠᠭ᠎ᠠ ᠬᠠᠷᠢᠭᠤᠯᠲᠠ ᠥᠭᠪᠡ᠃ | ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠰᠤᠷᠭᠠᠭᠤᠯᠢ ᠶᠢᠨ ᠬᠦᠷᠢᠶᠡᠨ ᠳᠤ ᠣᠷᠣᠬᠤ᠂ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ | ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ ᠵᠡᠷᠭᠡ | ᠠᠵᠢᠯᠯᠠᠭ᠎ᠠ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠳᠦᠷᠢᠮ ᠤᠨ ᠨᠡᠶᠢᠭᠡᠮ ᠤᠨ ᠲᠤᠬᠠᠢ | ᠣᠶᠢᠯᠠᠭᠠᠬᠤ ᠬᠡᠮᠵᠢᠶ᠎ᠡ ᠶᠢ ᠥᠷᠭᠡᠳᠬᠡᠵᠦ᠂ ᠡᠯ᠎ᠡ ᠠᠵᠢᠯ ᠲᠥᠷᠥᠯ ᠤᠨ ᠬᠢᠨ ᠬᠠᠤᠯᠢ ᠶᠢ ᠬᠦᠨᠳᠦᠳᠬᠡᠬᠦ᠂ ᠬᠠᠤᠯᠢ ᠶᠢ | ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠠᠬᠢᠭᠤᠯᠵᠤ᠂ ᠦᠨᠡᠨᠴᠢ ᠢᠲᠡᠭᠡᠮᠵᠢᠲᠡᠢ ᠨᠡᠶᠢᠭᠡᠮ ᠤᠨ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | |