ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ ︽ᠰᠤᠯᠠ ᠵᠣᠭᠤᠰᠣᠨ ᠪᠣᠭᠴᠣ︾ ᠶᠢᠨ ᠪᠡᠯᠡᠨ ᠵᠣᠭᠤᠰ ᠤᠨ ᠲᠥᠯᠥᠬᠦ ᠶᠢ ᠳᠥᠭᠦᠮᠴᠢᠯᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/4/15
    ︽ᠮᠥᠩᠭᠦᠨ ᠭᠦᠢᠯᠭᠡᠭᠡᠨ ᠢᠶᠠᠷ ᠠᠷᠠᠳ ᠤᠨ ᠲᠥᠯᠥᠭᠡ ᠪᠠᠶᠢᠬᠤ︾ ᠣᠶᠢᠯᠠᠭᠠᠭᠳᠠᠬᠤᠨ ᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠲᠣᠣᠷ ᠴᠡᠭ ᠤᠨ ᠪᠡᠯᠡᠨ ᠵᠣᠭᠤᠰ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠨᠡᠶᠢᠲᠡ ᠶᠢᠨ ᠪᠡᠯᠡᠨ ᠵᠣᠭᠤᠰ ᠤᠨ ᠲᠣᠭᠠᠴᠠᠭ᠎ᠠ ᠬᠢᠬᠦ ᠰᠣᠩᠭᠤᠯᠲᠠ ᠶᠢᠨ ᠡᠷᠬᠡ ᠶᠢ ᠬᠦᠨᠳᠦᠳᠬᠡᠵᠦ᠂ ᠪᠡᠯᠡᠨ ᠵᠣᠭᠤᠰ ᠤᠨ ᠬᠡᠷᠡᠭᠯᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ ᠲᠤᠰᠬᠠᠶᠢᠯᠠᠨ ︽ᠰᠤᠯᠠ ᠵᠣᠭᠤᠰᠣᠨ ᠪᠣᠭᠴᠣ︾ ᠶᠢᠨ ᠲᠤᠬᠠᠶᠢᠯᠠᠭᠰᠠᠨ ᠠᠵᠢᠯ ᠢ ᠨᠡᠶᠢᠲᠡᠯᠡᠪᠡ᠃    ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ ᠨᠢ ᠨᠡᠶᠢᠭᠡᠮ ᠨᠡᠶᠢᠲᠡ ᠳᠤ ᠠᠷᠠᠳ ᠤᠨ ᠵᠣᠭᠤᠰ ᠤᠨ ᠪᠡᠯᠡᠨ ᠵᠣᠭᠤᠰ ᠤᠨ ᠰᠤᠯᠠ ᠵᠣᠭᠤᠰᠣᠨ ᠤ ᠪᠣᠭᠤᠳᠠᠯ ᠤᠨ ᠦᠢᠯᠡᠴᠢᠯᠡᠭᠡ ᠶᠢ ᠣᠯᠠᠨ ᠶᠠᠩᠵᠤ ᠶᠢᠨ ᠬᠠᠩᠭᠠᠪᠠ᠃ ᠣᠳᠣᠬᠠᠨ ᠳᠤ ᠭᠠᠷᠭᠠᠭᠰᠠᠨ ︽ᠰᠤᠯᠠ ᠵᠣᠭᠤᠰᠣᠨ ᠪᠣᠭᠴᠣ︾ ᠶᠢ ᠶᠡᠷᠦᠩᠬᠡᠢ ᠵᠣᠭᠤᠰ ᠤᠨ ᠲᠤᠭ᠎ᠠ ᠶᠢᠨ ᠲᠣᠭᠲᠠᠮᠠᠯ ᠪᠠ ᠲᠣᠭᠲᠠᠮᠠᠯ ᠪᠤᠰᠤ ᠬᠤᠶᠠᠷ ᠲᠥᠷᠥᠯ ᠳᠤ ᠬᠤᠪᠢᠶᠠᠵᠤ᠂ ᠲᠣᠭᠲᠠᠮᠠᠯ ᠲᠥᠷᠥᠯ ᠢ ᠨᠠᠭᠠᠳᠤ ᠵᠠᠬ᠎ᠠ ᠳᠠᠭᠠᠨ 300 ᠲᠥᠭᠦᠷᠢᠭ ᠪᠠ 500 ᠲᠥᠭᠦᠷᠢᠭ ᠭᠡᠵᠦ ᠬᠤᠶᠠᠷ ᠵᠦᠢᠯ ᠳᠤ ᠬᠤᠪᠢᠶᠠᠨ᠎ᠠ᠃ ᠰᠤᠯᠠ ᠵᠣᠭᠤᠰᠣᠨ ᠪᠣᠭᠴᠣ ᠳᠣᠲᠣᠷ᠎ᠠ 20 ᠲᠥᠭᠦᠷᠢᠭ᠂ 10 ᠲᠥᠭᠦᠷᠢᠭ᠂ 5 ᠲᠥᠭᠦᠷᠢᠭ᠂ 1 ᠲᠥᠭᠦᠷᠢᠭ ᠤᠨ ᠥᠷᠲᠡᠭ ᠠᠳᠠᠯᠢ ᠦᠭᠡᠢ ᠰᠤᠯᠠ ᠵᠣᠭᠤᠰ ᠪᠠᠭᠲᠠᠨ᠎ᠠ᠂ ᠬᠡᠷᠡᠭᠯᠡᠭᠴᠢᠳ ᠤᠨ ᠣᠯᠠᠨ ᠡᠰᠢᠵᠢᠭᠰᠡᠨ ᠪᠡᠯᠡᠨ ᠮᠥᠩᠭᠦᠨ ᠤ ᠦᠢᠯᠡᠴᠢᠯᠡᠭᠡᠨ ᠤ ᠬᠡᠷᠡᠭᠴᠡᠭᠡ ᠳᠦᠭᠦᠷᠡᠩ ᠪᠠᠶᠢᠨ᠎ᠠ᠃ ᠡᠭᠦᠨ ᠤ ᠬᠠᠮᠲᠤ᠂ ᠣᠯᠠᠨ ᠨᠡᠶᠢᠲᠡ ᠶᠢᠨ ᠰᠤᠯᠠ ᠵᠣᠭᠤᠰ ᠰᠣᠯᠢᠬᠤ ᠴᠠᠭ ᠤᠨ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ ᠶᠢᠨ ᠬᠠᠷᠢᠶ᠎ᠠ ᠣᠷᠣᠨ ᠤ 4 ᠲᠣᠣᠷ ᠴᠡᠭ ᠲᠤ ᠵᠣᠭᠤᠰ ᠰᠣᠯᠢᠬᠤ ᠰᠠᠭᠠᠳ ᠦᠭᠡᠢ ᠨᠡᠪᠲᠡᠷᠡᠬᠦ ᠵᠡᠮ ᠭᠠᠷᠭᠠᠵᠤ᠂ ᠮᠥᠷᠯᠡᠨ ᠳ᠋ᠤᠭᠠᠷᠯᠠᠬᠤ ᠬᠡᠷᠡᠭ ᠦᠭᠡᠢ᠂ ᠳᠠᠷᠤᠢ ︽ᠰᠤᠯᠠ ᠵᠣᠭᠤᠰᠣᠨ ᠪᠣᠭᠴᠣ︾ ᠰᠣᠯᠢᠬᠤ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠵᠦ᠂ ᠵᠣᠴᠢᠨ ᠡᠷᠦᠬᠡ ᠶᠢᠨ ᠳᠠᠷᠤᠢ ᠰᠣᠯᠢᠬᠤ ᠶᠢ ᠦᠨᠡᠨ ᠬᠦ ᠪᠠᠲᠤᠯᠠᠨ᠎ᠠ᠃    ᠪᠡᠯᠡᠨ ᠮᠥᠩᠭᠦᠨ ᠤ ᠬᠡᠷᠡᠭᠴᠡᠭᠡ ᠨᠡᠯᠢᠶᠡᠳ ᠶᠡᠭᠡ ᠡᠵᠡᠩᠨᠡᠯᠲᠡ ᠶᠢᠨ ᠭᠤᠣᠯ ᠴᠣᠭᠴᠠ ᠳᠤ ᠴᠢᠭᠯᠡᠭᠦᠯᠦᠨ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ ᠶᠢᠨ ᠵᠣᠬᠢᠶᠠᠨ ᠪᠠᠶᠢᠭᠤᠯᠤᠯᠲᠠ ᠶᠢᠨ ᠲᠣᠣᠷ ᠴᠡᠭ ᠤᠨ ᠠᠵᠢᠯᠲᠠᠨ ᠰᠠᠨᠠᠭᠠᠴᠢᠯᠠᠭ᠎ᠠ ᠠᠴᠠ ᠪᠠᠨ ᠲᠣᠣᠷ ᠴᠡᠭ ᠠᠴᠠ ᠭᠠᠷᠴᠤ᠂ ᠭᠡᠷ ᠲᠤᠨᠢ ᠬᠦᠷᠴᠦ ︽ᠰᠤᠯᠠ ᠵᠣᠭᠤᠰᠣᠨ ᠪᠣᠭᠴᠣ︾ ᠶᠢᠨ ᠪᠡᠯᠡᠨ ᠮᠥᠩᠭᠦᠨ ᠤ ᠦᠢᠯᠡᠴᠢᠯᠡᠭᠡ ᠬᠠᠩᠭᠠᠵᠤ᠂ ︽ᠥᠴᠦᠬᠡᠨ ᠴᠦ ᠬᠦᠴᠢᠷ ᠠᠰᠠᠭᠤᠳᠠᠯ ᠢ ᠡᠷᠢᠬᠦ︾ ᠠᠰᠠᠭᠤᠳᠠᠯ ᠢ ᠨᠠᠮᠳᠠᠭᠤᠯᠤᠨ᠎ᠠ᠃    ᠳᠠᠷᠠᠭᠠᠴᠢ ᠶᠢᠨ ᠠᠯᠬᠤᠮ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ ︽ᠮᠥᠩᠭᠦᠨ ᠭᠦᠢᠯᠭᠡᠭᠡᠨ ᠢᠶᠠᠷ ᠠᠷᠠᠳ ᠤᠨ ᠲᠥᠯᠥᠭᠡ ᠪᠠᠶᠢᠬᠤ︾ ᠣᠶᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ ︽ᠰᠤᠯᠠ ᠵᠣᠭᠤᠰᠣᠨ ᠤ ᠪᠣᠭᠴᠣ︾ ᠶᠢᠨ ᠬᠡᠷᠡᠭᠯᠡᠯᠲᠡ ᠶᠢᠨ ᠪᠠᠶᠢᠳᠠᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠪᠡᠯᠡᠨ ᠵᠣᠭᠤᠰ ᠤᠨ ᠬᠠᠩᠭᠠᠯᠭ᠎ᠠ ᠪᠠ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠡᠯᠡᠨ ᠵᠣᠭᠤᠰ ᠤᠨ ᠲᠣᠭᠠᠴᠠᠭ᠎ᠠ ᠬᠢᠬᠦ ᠳᠤ ᠳᠥᠭᠦᠮ ᠦᠵᠡᠭᠦᠯᠬᠦ ᠴᠢᠨᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号