ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠦᠬᠦ ᠬᠤᠰᠢᠭᠤᠨ ᠤ ᠬᠥᠳᠡᠭᠡ ᠲᠣᠰᠬᠤᠨ ᠤ ᠡᠮᠴᠢ ᠶᠢᠨ ᠪᠣᠯᠪᠠᠰᠤᠷᠠᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/4/15
   ᠮᠠᠨ ᠤ ᠬᠤᠰᠢᠭᠤᠨ ᠤ ᠬᠥᠳᠡᠭᠡ ᠲᠣᠰᠬᠤᠨ ᠤ ᠡᠮᠴᠢ ᠶᠢᠨ ᠡᠮᠴᠢᠯᠡᠭᠡᠨ ᠤ ᠮᠡᠷᠭᠡᠵᠢᠯ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠮᠴᠢ ᠶᠢᠨ ᠠᠵᠢᠯ ᠡᠷᠬᠢᠯᠡᠬᠦ ᠬᠠᠮᠢᠶᠠᠷᠤᠯᠲᠠ ᠶᠢ ᠴᠢᠩᠭᠠᠳᠬᠠᠨ᠂ ᠮᠠᠯᠴᠢᠨ ᠲᠠᠷᠢᠶᠠᠴᠢᠨ ᠤ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠳᠤ ᠪᠦᠬᠦ ᠬᠤᠰᠢᠭᠤᠨ ᠤ ᠬᠥᠳᠡᠭᠡ ᠲᠣᠰᠬᠤᠨ ᠤ ᠡᠮᠴᠢ ᠶᠢᠨ ᠪᠣᠯᠪᠠᠰᠤᠷᠠᠭᠤᠯᠤᠯ ᠤᠨ ᠬᠤᠷᠠᠯ ᠡᠷᠬᠢᠯᠡᠪᠡ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠵᠤ᠋ ᠳ᠋ᠦᠩ ᠴᠢᠩ᠂ ᠦᠨᠳᠦᠰᠦᠨ ᠱᠠᠲᠤᠨ ᠤ ᠲᠠᠰᠤᠭ ᠤᠨ ᠳᠠᠷᠤᠭ᠎ᠠ ᠬᠤᠪᠢᠰᠬᠠᠯᠲᠤ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠳᠠᠷᠤᠭ᠎ᠠ ᠶᠢᠨ ᠲᠤᠰᠠᠯᠠᠭᠴᠢ᠂ ᠡᠮᠨᠡᠯᠭᠡ ᠶᠢᠨ ᠬᠡᠯᠲᠡᠰ ᠤᠨ ᠡᠷᠬᠢᠯᠡᠭᠴᠢ ᠡᠤ ᠶᠢᠨ ᠰᠦᠸᠧ ᠵᠢᠴᠢ ᠪᠦᠬᠦ ᠬᠤᠰᠢᠭᠤᠨ ᠤ ᠠᠵᠢᠯ ᠤᠨ ᠪᠠᠶᠢᠷᠢ ᠳᠤ ᠪᠠᠶᠢᠭ᠎ᠠ ᠬᠥᠳᠡᠭᠡ ᠲᠣᠰᠬᠤᠨ ᠤ ᠡᠮᠴᠢ 200 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠵᠠᠢ᠃ ᠬᠤᠷᠠᠯ ᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠰᠠᠯᠠᠭ᠎ᠠ ᠶᠢᠨ ᠳᠠᠷᠤᠭ᠎ᠠ ᠰᠠᠨᠠᠯᠲᠦ ᠡᠷᠬᠢᠯᠡᠵᠡᠢ᠃
图片111.png
    ᠬᠤᠷᠠᠯ ᠳᠡᠭᠡᠷ᠎ᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠵᠤ᠋ ᠳ᠋ᠦᠩ ᠴᠢᠩ ᠲᠤᠰ ᠤᠳᠠᠭᠠᠨ ᠤ ᠪᠣᠯᠪᠠᠰᠤᠷᠠᠯ ᠤᠨ ᠴᠢᠬᠤᠯᠠ ᠴᠢᠨᠠᠷ ᠵᠢᠴᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃
图片222.png
    ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠮᠴᠢ ᠶᠢᠨ ᠪᠣᠯᠪᠠᠰᠤᠷᠠᠭᠤᠯᠤᠯ ᠤᠨ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠬᠤ ᠬᠡᠷᠡᠭᠲᠡᠢ᠃ ᠬᠥᠳᠡᠭᠡ ᠲᠣᠰᠬᠤᠨ ᠤ ᠡᠮᠴᠢ ᠨᠢ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠬᠠᠮᠤᠭ ᠤᠨ ᠣᠶᠢᠷᠠᠲᠤᠬᠤ ᠡᠷᠡᠭᠦᠯ ᠮᠡᠨᠳᠦ ᠶᠢᠨ ︽ᠰᠠᠬᠢᠨ ᠬᠠᠮᠠᠭᠠᠯᠠᠭᠴᠢ︾ ᠪᠣᠯᠤᠭᠰᠠᠨ ᠤ ᠬᠤᠪᠢ ᠳᠤ᠂ ᠦᠵᠡᠯ ᠰᠠᠨᠠᠭ᠎ᠠ ᠤᠬᠠᠮᠰᠠᠷ ᠢᠶᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠮᠴᠢ ᠶᠢᠨ ᠣᠨᠣᠰᠢᠯᠠᠨ ᠡᠮᠨᠡᠬᠦ ᠬᠢᠷᠢ ᠬᠡᠮᠵᠢᠶ᠎ᠡ ᠪᠣᠯᠤᠨ ᠦᠨᠳᠦᠰᠦᠨ ᠱᠠᠲᠤᠨ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠬᠢᠵᠢᠭᠦᠯᠵᠦ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠬᠤᠶᠠᠷ ᠲᠤ᠂ ᠦᠢᠯᠡᠳᠦᠯᠭᠡ ᠶᠢ ᠴᠢᠬᠤᠯᠠᠴᠢᠯᠠᠵᠤ᠂ ᠮᠡᠳᠡᠯᠭᠡ ᠶᠢ ᠬᠡᠷᠡᠭᠯᠡᠨ᠎ᠡ᠃ ᠣᠨᠣᠯ ᠤᠨ ᠮᠡᠳᠡᠯᠭᠡ ᠪᠣᠯ ᠰᠠᠭᠤᠷᠢ ᠮᠥᠨ᠂ ᠦᠢᠯᠡᠳᠦᠯᠭᠡ ᠶᠢᠨ ᠴᠢᠳᠠᠪᠤᠷᠢ ᠪᠣᠯᠭᠠᠨ ᠬᠤᠪᠢᠷᠠᠭᠤᠯᠬᠤ ᠨᠢ ᠨᠡᠩ ᠴᠢᠬᠤᠯᠠ ᠶᠤᠮ᠃ ᠰᠢᠮᠲᠡᠨ ᠰᠤᠷᠤᠯᠴᠠᠵᠤ ᠴᠢᠳᠠᠮᠠᠭᠠᠢ ᠪᠠᠷ ᠰᠡᠳᠬᠢᠵᠦ᠂ ᠠᠮᠢᠳᠤᠯᠢᠭ ᠢᠶᠠᠷ ᠰᠤᠷᠴᠤ᠂ ᠪᠣᠯᠪᠠᠰᠤᠷᠠᠭᠤᠯᠤᠯ ᠤᠨ ᠮᠡᠳᠡᠯᠭᠡ ᠶᠢ ᠪᠣᠳᠠᠲᠠᠢ ᠠᠵᠢᠯᠯᠠᠬᠤ ᠴᠢᠳᠠᠪᠤᠷᠢ ᠪᠣᠯᠭᠠᠨ ᠬᠤᠪᠢᠷᠠᠭᠤᠯᠵᠤ᠂ ᠰᠤᠷᠤᠯᠴᠠᠪᠠᠯ ᠣᠯᠤᠯᠲᠠ ᠲᠠᠢ᠂ ᠰᠤᠷᠤᠯᠴᠠᠪᠠᠯ ᠠᠮᠵᠢᠯᠲᠠ ᠲᠠᠢ ᠪᠣᠯᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠲᠠᠪᠰᠢᠪᠠ᠃ ᠡᠯ᠎ᠡ ᠵᠦᠢᠯ ᠤᠨ ᠪᠣᠯᠪᠠᠰᠤᠷᠠᠭᠤᠯᠤᠯ ᠤᠨ ᠲᠣᠬᠢᠶᠠᠯ ᠢ ᠠᠰᠢᠭᠯᠠᠨ᠂ ᠠᠵᠢᠯ ᠨᠢᠭᠡᠲᠡᠨ ᠲᠠᠢ ᠪᠠᠨ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠤᠷᠰᠢᠯᠭ᠎ᠠ ᠪᠠᠨ ᠬᠤᠪᠢᠶᠠᠯᠴᠠᠨ᠂ ᠪᠦᠬᠦᠯᠢ ᠴᠣᠭᠴᠠ ᠶᠢᠨ ᠡᠮᠴᠢᠯᠡᠭᠡᠨ ᠤ ᠬᠢᠷᠢ ᠲᠦᠪᠰᠢᠨ ᠢᠶᠠᠨ ᠬᠠᠮᠲᠤ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号