ᠪᠦᠬᠦ ᠬᠤᠰᠢᠭᠤᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ | ᠵᠠᠩᠭᠢᠯᠠᠭ᠎ᠠ ᠶᠢᠨ ᠮᠡᠷᠭᠡᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠥᠷᠥᠯ ᠵᠦᠢᠯ ᠢ ᠬᠡᠷᠡᠭᠵᠢᠭᠦᠯᠬᠦ ᠭᠤᠣᠯ | ᠴᠣᠭᠴᠠ ᠶᠢᠨ ᠦᠢᠯᠡᠳᠪᠦᠷᠢᠯᠡᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ | 2024 ᠣᠨ ᠤ 4 ᠰᠠᠷ᠎ᠠ ᠶᠢᠨ 13 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠦᠬᠦ ᠬᠤᠰᠢᠭᠤᠨ ᠤ ᠡᠷᠳᠡᠨᠢ | ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ | ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠤᠰ ᠤᠳᠠᠭᠠᠨ ᠤ ᠪᠣᠯᠪᠠᠰᠤᠷᠠᠯ ᠳᠤ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠸᠠᠩ ᡁᠢ ᠭᠠᠩ ᠪᠠᠭᠰᠢ ᠶᠢ ᠤᠷᠢᠵᠤ ᠬᠢᠴᠢᠶᠡᠯ ᠣᠷᠣᠭᠤᠯᠵᠤ | ᠂ ᠪᠦᠬᠦ ᠬᠤᠰᠢᠭᠤᠨ ᠤ 6 ᠬᠠᠮᠢᠶ᠎ᠠ ᠪᠦᠬᠦᠢ ᠰᠤᠮᠤ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠥᠷᠲᠡᠭᠡᠨ ᠤ ᠠᠵᠢᠯᠲᠠᠨ᠂ ᠭᠠᠴᠠᠭᠠᠨ ᠤ ᠬᠡᠷᠡᠭᠵᠢᠭᠦᠯᠬᠦ ᠭᠤᠣᠯ ᠴᠣᠭᠴᠠ᠂ | ᠲᠠᠷᠢᠶᠠᠯᠠᠩ ᠤᠨ ᠠᠵᠤ ᠠᠬᠤᠶᠢᠯᠠᠯ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ | ᠲᠥᠪ ᠤᠨ ᠮᠡᠷᠭᠡᠵᠢᠯ ᠤᠨ ᠠᠵᠢᠯᠲᠠᠨ ᠨᠡᠶᠢᠲᠡ 105 ᠬᠥᠮᠦᠨ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃ | ᠬᠤᠷᠠᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠳᠡᠳ᠋ ᠳᠠᠷᠤᠭ᠎ᠠ ᠯᠢᠦ ᠰᠢᠶᠣᠤ ᠱᠧᠩ ᠡᠷᠬᠢᠯᠡᠪᠡ᠃ ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠰᠠᠷᠠᠭᠤᠯ ᠠᠴᠠ ᠠᠵᠢᠯ ᠤᠨ ᠪᠠᠶᠢᠷᠢᠯᠠᠭᠤᠯᠤᠯᠲᠠ | ᠬᠢᠭᠰᠡᠨ ᠪᠥᠭᠡᠳ 2024 ᠣᠨ ᠳᠤ ᠮᠠᠨ ᠤ ᠬᠤᠰᠢᠭᠤᠨ ᠤ 20 ᠲᠦᠮᠡᠨ ᠮᠦ ᠡᠷᠳᠡᠨᠢ ᠰᠢᠰᠢ ᠶᠢᠨ ᠲᠠᠯᠠᠪᠠᠢ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ᠂ ᠣᠯᠠᠨ ᠢᠶᠠᠷ ᠢᠶᠠᠨ | ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ | ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠯ᠎ᠡ ᠭᠠᠵᠠᠷ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ | ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠬᠢᠨ ᠬᠠᠷᠢᠭᠤᠴᠠᠯᠭ᠎ᠠ ᠪᠠᠨ ᠪᠠᠲᠤᠳᠬᠠᠵᠤ᠂ ᠭᠤᠷᠪᠠᠨ | ᠱᠠᠲᠤ ᠪᠠᠷ ᠬᠤᠯᠪᠣᠭᠠᠯᠠᠨ ᠬᠥᠳᠡᠯᠦᠯᠴᠡᠵᠦ᠂ ᠵᠠᠩᠭᠢᠯᠠᠭ᠎ᠠ ᠶᠢᠨ ᠭᠤᠭᠴᠤᠭ᠎ᠠ ᠶᠢ ᠲᠠᠷᠢᠶᠠᠯᠠᠬᠤ ᠴᠠᠭ ᠢ ᠰᠠᠭᠠᠲᠠᠭᠠᠬᠤ | ᠦᠭᠡᠢ ᠪᠠᠶᠢᠬᠤ ᠶᠢ ᠪᠠᠲᠤᠯᠠᠵᠤ᠂ ᠡᠨᠡ ᠵᠢᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠢᠨᠵᠧᠨᠧᠷᠢᠩ ᠤᠨ ᠢᠯᠡᠳᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᡁᠢ ᠭᠠᠩ ᠪᠠᠭᠰᠢ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠲᠠᠢ ᠨᠠᠷᠢᠯᠢᠭ ᠣᠨᠣᠴᠠᠲᠠᠢ | ᠡᠵᠡᠮᠳᠡᠬᠦ ᠮᠡᠷᠭᠡᠵᠢᠯ ᠤᠨ ᠲᠤᠬᠠᠢ ᠬᠢᠴᠢᠶᠡᠯ ᠣᠷᠣᠵᠤ᠂ ᠮᠠᠨ ᠤ ᠬᠤᠰᠢᠭᠤᠨ ᠤ ᠭᠠᠵᠠᠷ ᠣᠷᠣᠨ ᠤ ᠣᠨᠴᠠᠯᠢᠭ ᠲᠠᠢ | ᠤᠶᠠᠯᠳᠤᠭᠤᠯᠤᠨ᠂ ᠮᠡᠷᠭᠡᠵᠢᠯ ᠤᠨ ᠦᠨᠳᠦᠰᠦᠯᠡᠯ᠂ ᠮᠡᠷᠭᠡᠵᠢᠯ ᠤᠨ ᠵᠠᠩᠭᠢᠯᠠᠭ᠎ᠠ᠂ ᠮᠡᠷᠭᠡᠵᠢᠯ ᠤᠨ ᠬᠡᠷᠡᠭᠯᠡᠯᠲᠡ ᠠᠴᠠ | ᠨᠠᠷᠢᠨ ᠲᠠᠶᠢᠯᠪᠤᠷᠢᠯᠠᠨ᠎ᠠ᠃ | ᠪᠣᠯᠪᠠᠰᠤᠷᠠᠭᠤᠯᠤᠯ ᠢᠶᠠᠷ ᠳᠡᠮᠵᠢᠨ᠂ ᠬᠡᠷᠡᠭᠵᠢᠭᠦᠯᠬᠦ ᠭᠤᠣᠯ ᠴᠣᠭᠴᠠ ᠶᠢᠨ ᠲᠥᠷᠥᠯ ᠵᠦᠢᠯ ᠤᠨ ᠲᠤᠬᠠᠢ | ᠲᠠᠨᠢᠯᠲᠠ ᠪᠠ ᠡᠷᠳᠡᠨᠢ ᠰᠢᠰᠢ ᠶᠢ ᠨᠢᠭᠲᠠ ᠲᠠᠷᠢᠵᠤ ᠤᠷᠭᠤᠭᠤᠯᠬᠤ ᠬᠢᠷᠢ ᠲᠦᠪᠰᠢᠨ ᠢᠯᠡᠳᠲᠡ ᠳᠡᠭᠡᠭᠰᠢᠯᠡᠪᠡ᠃ | ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠡᠷᠳᠡᠨᠢ | ᠰᠢᠰᠢ᠂ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ | ᠪᠣᠯᠪᠠᠰᠤᠷᠠᠭᠤᠯᠤᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠤᠣᠯᠯᠠᠬᠤ ᠮᠡᠷᠭᠡᠵᠢᠯ ᠢ ᠲᠠᠷᠢᠶᠠᠨ ᠭᠠᠵᠠᠷ ᠲᠤ | ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠦᠷ᠎ᠡ ᠪᠦᠲᠦᠭᠡᠯ ᠢ ᠤᠨᠠᠯᠲᠠ ᠳᠡᠭᠡᠷ᠎ᠡ ᠢᠯᠡᠷᠡᠭᠦᠯᠬᠦ ᠪᠣᠯᠤᠨ᠎ᠠ︕ | |