ᠪᠦᠬᠦ ᠤᠷᠤᠨ ᠤ ᠡᠯ᠎ᠡ ᠭᠠᠵᠠᠷ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠬᠢᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠡ ᠶᠢᠨ ᠠᠵᠢᠯᠯᠠᠭ᠎ᠠ ᠦᠷᠨᠢᠬᠦᠯᠵᠤ ᠪᠤᠢ
ᠨᠡᠶᠢᠲᠡᠯᠡᠭᠰᠡᠨ ᠴᠠᠭ᠄
2024/4/15
    ᠪᠦᠬᠦ ᠤᠯᠤᠰ ᠤᠨ ᠭᠤᠴᠢᠨ ᠭᠤᠷᠪᠠᠳᠡᠬᠢ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳ᠋ᠤ᠋᠂ ᠪᠦᠬᠦ ᠤᠷᠤᠨ ᠤ ᠡᠯ᠎ᠡ ᠭᠠᠵᠠᠷ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠡᠯᠪᠡᠭ ᠪᠠᠶᠠᠯᠢᠭ ᠠᠭᠤᠯᠭ᠎ᠠ ᠲᠠᠢ ᠭᠠᠶᠢᠯᠢ ᠲᠠᠳᠠᠪᠤᠷᠢ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠤ ᠪᠠᠶᠢᠨ᠎ᠠ᠃   ᠠᠯᠠᠱᠠ ᠠᠶᠢᠮᠠᠭ ᠭᠠᠶᠢᠯᠢ ᠶᠢᠨ ᠶᠠᠪᠤᠳᠠᠯ ᠤᠨ 50 ᠺᠠᠳ᠋ᠷ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠳ᠋ᠤ᠋ ᠭᠠᠶᠢᠯᠢ ᠶᠢᠨ ᠶᠠᠪᠤᠳᠡᠯ ᠤᠨ ᠲᠤᠬᠠᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ ᠪᠠᠶᠢᠨ᠎ᠠ᠃ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠮᠸᠢ ᠲᠤᠸᠠᠨ ᠵᠠᠬᠢᠶᠠᠯᠠᠭ᠎ᠠ ᠶᠢᠨ ᠬᠤᠭᠤᠯᠠᠨ ᠤ ᠥᠷᠲᠡᠭᠡ ᠴᠡᠭ ᠲᠠᠢ ᠬᠠᠮᠲᠤᠷᠠᠨ ︽ᠵᠠᠬᠢᠶᠠᠯᠠᠭ᠎ᠠ ᠶᠢᠨ ᠬᠤᠭᠤᠯᠠ ᠬᠦᠷᠬᠡᠭᠴᠢ ᠭᠠᠶᠢᠯᠢ ᠲᠠᠳᠠᠪᠤᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠳᠡᠮᠵᠢᠵᠦ᠂ ᠭᠠᠶᠢᠯᠢ ᠶᠢᠨ ᠶᠠᠪᠤᠳᠡᠯ ᠤᠨ ᠲᠦᠷᠦ ᠶᠢᠨ ᠪᠤᠳᠤᠯᠭ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠦᠷᠨᠢᠬᠦᠯᠵᠤ ᠪᠤᠢ᠃   ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠤᠳᠠ ᠶᠢᠨ ᠰᠢᠭᠤᠳ ᠬᠠᠷᠢᠶ᠎ᠠ ᠤᠯᠠᠭᠠᠨᠮᠥ᠋ᠴᠢᠷ ᠲᠠᠢ ᠬᠠᠮᠲᠤᠷᠠᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠵᠢᠯᠯᠠᠭ᠎ᠠ ᠪᠤᠯᠬᠤ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠭᠠᠶᠢᠯᠢ ᠶᠢᠨ ᠶᠠᠪᠤᠳᠠᠯ ᠤᠨ ᠺᠠᠳ᠋ᠷ ᠪᠣᠯᠤᠨ ᠤᠯᠠᠭᠠᠨᠮᠥ᠋ᠴᠢᠷ ᠤᠨ ᠲᠣᠭᠯᠠᠭᠴᠢᠳ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠨ ᠰᠠᠶᠢᠬᠠᠨ ᠤ ᠲᠣᠭᠯᠠᠯᠲᠠ ᠳ᠋ᠤ᠋ ᠠᠭᠤᠰᠤᠯᠴᠠᠭᠤᠯᠤᠨ ᠠᠮᠢᠳᠤᠯᠢᠭ ᠪᠤᠳᠠᠳᠠᠢ ᠤᠬᠠᠭᠤᠯᠭ᠎ᠠ ᠬᠢᠪᠠ᠃ᠤᠯᠠᠭᠠᠨᠬᠠᠳᠠ ᠬᠤᠳᠠ ᠶᠢᠨ ᠬᠠᠷᠠᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠤᠬᠠᠶ ᠶᠢᠨ ᠭᠠᠵᠠᠷ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ ᠪᠠᠨ ᠬᠠᠮᠲᠤᠷᠠᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠦᠭᠡᠮᠡᠯ ᠬᠦᠷᠳᠡᠬᠡᠮᠵᠢᠳᠤ ᠴᠢᠨᠠᠷᠲᠠᠶ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠦᠨᠳᠦᠰᠦᠲᠡᠨ ᠤ ᠣᠷᠣᠨ ᠨᠤᠲᠤᠭ ᠤᠨ ᠤᠨᠴᠠᠯᠢᠭᠳᠤ ᠭᠠᠶᠢᠯᠢ ᠰᠦᠢᠳᠭᠡᠯ ᠤᠨ ᠲᠥᠷᠥ ᠶᠢᠨ ᠪᠣᠳᠣᠯᠭ᠎ᠠ ᠶᠢ ᠳᠡᠮᠵᠢᠬᠦ ᠶᠢ ᠬᠠᠷᠢᠯᠴᠠᠨ ᠤᠶᠠᠯᠳᠤᠭᠤᠯᠵᠤ᠂ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠳᠤ ᠲᠥᠷᠥ ᠶᠢᠨ ᠪᠣᠳᠣᠯᠭ᠎ᠠ ᠶᠢᠨ ᠲᠤᠬᠠᠢ ᠲᠠᠶᠢᠯᠤᠮᠵᠢ ᠬᠢᠵᠠᠢ᠃   ᠲᠦᠩᠯᠢᠶᠣᠤ ᠬᠤᠳᠠ ᠶᠢᠨ ᠭᠠᠶᠢᠯᠢ ᠶᠢᠨ ᠶᠠᠪᠤᠳᠠᠯ ᠤᠨ ᠲᠤᠪᠴᠢᠶ᠎ᠡ ᠪᠣᠯᠤᠨ ᠬᠤᠶᠠᠳᠤᠭᠠᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠤᠪᠴᠢᠶ᠎ᠡ᠂ ᠬᠤᠷᠴᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠡ᠂ ᠨᠡᠭᠡᠭᠡᠯᠳᠠ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠡ ᠬᠠᠮᠲᠤᠷᠠᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠥᠷᠨᠢᠭᠦᠯᠵᠡᠢ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠨᠡᠪᠲᠡᠷᠡᠭᠦᠯᠦᠭᠴᠢ ᠪᠥᠬᠦ ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠠᠭᠤᠯᠭ᠎ᠠ ᠶᠢ ᠲᠠᠨᠢᠯᠴᠠᠭᠤᠯᠵᠤ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠭᠠᠶᠢᠯᠢ ᠳᠤ ᠬᠤᠯᠪᠣᠭᠳᠠᠭᠰᠠᠨ ᠠᠰᠠᠭᠤᠳᠠᠯ ᠳᠤ ᠨᠠᠷᠢᠨ ᠬᠢᠨᠠᠮᠠᠭᠠᠶ ᠬᠠᠷᠢᠭᠤᠯᠲᠠ ᠥᠭᠬᠦ ᠶᠢᠨ ᠬᠠᠮᠲᠤ ᠰᠦᠯᠵᠢᠶᠡᠨ ᠠᠨᠳᠠ ᠨᠠᠷ ᠲᠤ ᠪᠡᠯᠡᠭ ᠭᠠᠷᠳᠠᠭᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号