ᠮᠠᠨ ᠤ ᠣᠷᠣᠨ ᠬᠡᠷ ᠭᠠᠵᠠᠷ ᠤᠨ ᠬᠥᠷᠥᠩᠭᠡ ᠶᠢᠨ ᠨᠡᠭᠡᠭᠡᠨ ᠬᠦᠭᠵᠢᠬᠦᠯᠬᠦ ᠠᠵᠤ ᠠᠬᠤᠶᠢᠯᠠᠯ ᠪᠠ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/4/15
   ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠭᠠᠵᠠᠷ ᠤᠨ ᠬᠥᠷᠥᠩᠭᠡ ᠶᠢᠨ ᠨᠡᠭᠡᠭᠡᠨ ᠬᠦᠭᠵᠢᠬᠦᠯᠬᠦ ᠠᠵᠤ ᠠᠬᠤᠶᠢᠯᠠᠯ ᠪᠠ ᠵᠠᠭᠤᠴᠢᠯᠠᠬᠤ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠳᠦᠭᠦᠮᠴᠢᠯᠡᠨ᠎ᠡ︶ ᠢᠢ ᠣᠶᠢᠷ᠎ᠠ ᠳᠤ ᠳᠠᠷᠤᠮᠠᠯᠯᠠᠨ ᠲᠠᠷᠬᠠᠭᠠᠵᠤ᠂ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠤᠢ᠃   ᠬᠡᠷ ᠭᠠᠵᠠᠷ ᠤᠨ ᠬᠥᠷᠥᠩᠭᠡ ᠶᠢᠨ ᠨᠡᠭᠡᠭᠡᠨ ᠬᠦᠭᠵᠢᠬᠦᠯᠬᠦ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠳᠤ ᠰᠠᠭᠤᠷᠢ ᠮᠡᠳᠡᠭᠡ ᠵᠠᠩᠭᠢ᠂ ᠢᠲᠡᠭᠡᠮᠵᠢ ᠰᠠᠶᠢᠵᠢᠷᠠᠭᠰᠠᠨ ᠮᠡᠳᠡᠭᠡ ᠵᠠᠩᠭᠢ ᠪᠠ ᠢᠲᠡᠭᠡᠮᠵᠢ ᠠᠯᠳᠠᠭᠰᠠᠨ ᠮᠡᠳᠡᠭᠡ ᠵᠠᠩᠭᠢ ᠪᠠᠭᠲᠠᠨ᠎ᠠ᠃ ︽ᠠᠷᠭ᠎ᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠪᠥᠬᠦ ᠣᠷᠣᠨ ᠤ ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠬᠦᠭᠵᠢᠬᠦᠯᠬᠦ ᠠᠵᠤ ᠠᠬᠤᠶᠢᠯᠠᠯ ᠪᠠ ᠵᠠᠭᠤᠴᠢᠯᠠᠬᠤ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠳᠤ ᠬᠥᠳᠡᠯᠦᠩᠭᠦᠶ ᠦᠨᠡᠯᠡᠯᠲᠡ ᠶᠢ ᠬᠡᠷᠡᠭᠵᠢᠭᠦᠯᠵᠦ᠂ ᠢᠲᠡᠭᠡᠮᠵᠢ ᠶᠢᠨ ᠬᠤᠪᠢ ᠲᠡᠮᠳᠡᠭᠯᠡᠬᠦ ᠲᠦᠷᠢᠮ ᠢ ᠬᠡᠷᠡᠭᠵᠢᠭᠦᠯᠦᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠤᠪᠢ ᠶᠢᠨ ᠥᠷᠲᠡᠭ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠭᠠᠵᠠᠷ ᠤᠨ ᠬᠥᠷᠥᠩᠭᠡ ᠶᠢᠨ ᠨᠡᠭᠡᠭᠡᠨ ᠬᠦᠭᠵᠢᠬᠦᠯᠬᠦ ᠠᠵᠤ ᠠᠬᠤᠶᠢᠯᠠᠯ ᠪᠠ ᠵᠠᠭᠤᠴᠢᠯᠠᠬᠤ ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠤᠪᠢ ᠲᠣᠭᠲᠠᠭᠠᠬᠤ ᠪᠠᠷᠢᠮᠵᠢᠶ᠎ᠠ︾ ᠪᠠᠷ ᠦᠨᠳᠦᠰᠦᠯᠡᠯ ᠪᠣᠯᠭᠠᠵᠤ ᠲᠣᠭᠲᠠᠭᠠᠨ᠎ᠠ᠃ ︽ᠠᠷᠭ᠎ᠠ︾ ᠳᠤ ᠢᠲᠡᠭᠡᠮᠵᠢ ᠶᠢᠨ ᠵᠡᠷᠭᠡ ᠳᠡᠰ ᠢ A᠂ B᠂ C᠂ D ᠳᠥᠷᠪᠡᠨ ᠵᠡᠷᠭᠡ ᠳᠡᠰ ᠬᠤᠪᠢᠶᠠᠬᠤ ᠶᠢᠨ ᠬᠠᠮᠲᠤ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠵᠠᠭᠤᠴᠢᠯᠠᠬᠤ ᠪᠠᠶᠢᠭᠤᠯᠤᠮᠵᠢ ᠶᠢᠨ ᠠᠳᠠᠯᠢ ᠪᠤᠰᠤ ᠢᠲᠡᠭᠡᠮᠵᠢ ᠶᠢᠨ ᠵᠡᠷᠭᠡ ᠳᠡᠰ ᠲᠤ ᠴᠢᠭᠯᠡᠭᠦᠯᠦᠨ᠂ ᠬᠠᠷᠢᠯᠴᠠᠨ ᠳᠣᠭᠢᠷᠠᠯᠴᠠᠭᠰᠠᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠲᠤᠭᠲᠠᠭᠠᠵᠠᠢ᠃   ︽ᠠᠷᠭ᠎ᠠ︾ ᠨᠢ᠂ ᠪᠥᠬᠦ ᠣᠷᠣᠨ ᠤ ᠬᠡᠷ ᠭᠠᠵᠠᠷ ᠤᠨ ᠬᠥᠷᠥᠩᠭᠡ ᠶᠢᠨ ᠨᠡᠭᠡᠭᠡᠨ ᠬᠦᠭᠵᠢᠬᠦᠯᠬᠦ ᠠᠵᠤ ᠠᠬᠤᠶᠢᠯᠠᠯ ᠪᠠ ᠵᠠᠭᠤᠴᠢᠯᠠᠬᠤ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠬᠢᠵᠠᠭᠠᠷᠯᠠᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠷᠢᠯᠳᠤᠬᠦᠯᠤᠨ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠬᠡᠷ ᠭᠠᠵᠠᠷ ᠤᠨ ᠬᠥᠷᠥᠩᠭᠡ  ᠶᠢᠨ ᠨᠡᠭᠡᠭᠡᠨ ᠬᠦᠭᠵᠢᠬᠦᠯᠬᠦ ᠡᠵᠡᠩᠨᠡᠯᠲᠡ ᠪᠠ ᠬᠡᠷ ᠭᠠᠵᠠᠷ ᠤᠨ ᠬᠥᠷᠥᠩᠭᠡ ᠶᠢᠨ ᠵᠠᠭᠤᠴᠢᠯᠠᠬᠤ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠬᠤ ᠳᠤ ᠠᠰᠢᠭᠲᠠᠶ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号