4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 3 ᠰᠠᠷ᠎ᠠ ᠶᠢᠨ 29 ᠤ ᠡᠳᠦᠷ ᠤᠨ ᠲᠥᠪ ᠤᠨ ᠤᠯᠤᠰ | ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠳᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠨ ᠦᠨᠡᠨ ᠬᠦ ᠴᠢᠩᠭᠠᠳᠬᠠᠵᠤ | ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠡᠵᠡᠩᠨᠡᠯᠲᠡ | ᠬᠠᠮᠢᠶᠠᠷᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠡᠷᠢᠵᠦ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠭᠡᠳᠡᠷᠭᠦ ᠰᠢᠬᠠᠮᠳᠠᠭᠤᠯᠵᠤ ᠪᠠᠶᠢᠭᠠᠳ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠠᠶᠢᠨ ᠳᠦᠷᠢᠮ ᠲᠣᠭᠲᠠᠴᠠ ᠶᠢ ᠪᠠᠶᠢᠭᠤᠯᠵᠤ᠂ ᠡᠵᠡᠩᠨᠡᠯᠲᠡ ᠶᠢᠨ ᠦᠷ᠎ᠡ ᠠᠰᠢᠭ ᠪᠣᠯᠣᠨ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠦᠷᠢᠶᠡᠨ ᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ | ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠠᠯᠢᠩ ᠣᠯᠭᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠳᠦᠷᠢᠮ ᠤᠨ ᠲᠥᠯᠥᠪᠯᠡᠭᠡ ᠶᠢ ᠰᠠᠶᠢᠲᠤᠷ ᠬᠢᠵᠦ᠂ ᠬᠠᠲᠠᠭᠤ ᠬᠢᠵᠠᠭᠠᠷᠯᠠᠯ ᠢ ᠴᠢᠩᠭᠠᠳᠬᠠᠵᠤ᠂ | ᠴᠠᠯᠢᠩ ᠣᠯᠭᠤᠮᠵᠢ ᠬᠠᠷᠠᠭᠠᠯᠵᠠᠯ ᠢ ᠠᠵᠤ ᠠᠬᠤᠶᠢᠯᠠᠯ ᠤᠨ ᠦᠷ᠎ᠡ ᠠᠰᠢᠭ ᠲᠠᠢ ᠦᠨᠡᠨ ᠬᠦ ᠬᠤᠯᠪᠣᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ︽ᠦᠨᠡᠨ︾ ᠰᠡᠳᠬᠦᠯ ᠤᠨ 2024 ᠣᠨ ᠤ 7 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ | ᠶᠡᠷᠦᠩᠬᠡᠢ ᠱᠦᠵᠢ ᠰᠢ ᠶᠢᠨ ᠫᠢᠩ ᠤᠨ ︽ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠢ︾ | ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠥᠪ ᠣᠨᠣᠪᠴᠢᠲᠠᠶ ᠠᠵᠢᠯ ᠤᠨ ᠠᠮᠵᠢᠯᠲᠠ ᠪᠦᠲᠦᠮᠵᠢ ᠶᠢᠨ | ᠦᠵᠡᠯᠲᠡ ᠶᠢ ᠪᠤᠶ ᠪᠤᠯᠭᠠᠵᠤ᠂ ᠤᠬᠠᠮᠰᠠᠷ ᠠᠴᠠ ᠪᠠᠨ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ | ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠣᠷᠣᠨ ᠰᠠᠭᠤᠴᠠ᠂ | ᠨᠠᠰᠤᠵᠢᠯ ᠤᠨ ᠠᠰᠠᠷᠠᠮᠵᠢ ᠵᠡᠷᠭᠡ ᠪᠣᠳᠠᠲᠠᠢ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ | ᠰᠢᠢᠳᠪᠦᠷᠢᠯᠡᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠵᠢᠯ ᠳᠠᠷᠠᠭᠠᠯᠠᠨ ᠬᠢᠵᠦ᠂ ᠡᠨᠡ ᠵᠢᠯ ᠢᠯᠠᠩᠭᠤᠶ᠎ᠠ | ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ | ᠲᠦᠪᠰᠢᠨ ᠳᠤ ᠬᠦᠷᠭᠡᠬᠦ ᠪᠤᠶᠤ ᠲᠡᠭᠦᠨ ᠠᠴᠠ ᠳᠠᠪᠠᠭᠤᠯᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠣᠯᠠᠨ ᠲᠦᠮᠡᠨ ᠤ ᠠᠵᠢᠯ ᠢ ᠬᠢᠬᠦ | ᠠᠷᠭ᠎ᠠ ᠭᠡᠯᠪᠡᠷᠢ ᠠᠷᠭ᠎ᠠ ᠮᠠᠶ᠋ᠢᠭ ᠢᠶᠠᠨ ᠬᠠᠯᠠᠨ ᠰᠠᠶᠢᠵᠢᠷᠠᠭᠤᠯᠬᠤ ᠶᠢ ᠴᠢᠬᠤᠯᠠᠴᠢᠯᠠᠵᠤ᠂ ᠣᠯᠠᠨ ᠲᠦᠮᠡᠨ ᠢ ᠰᠤᠷᠭᠠᠨ | ᠬᠥᠮᠥᠵᠢᠭᠦᠯᠬᠦ ᠶᠢ ᠰᠤᠷᠴᠤ᠂ ᠣᠯᠠᠨ ᠲᠦᠮᠡᠨ ᠢ ᠳᠠᠶᠢᠴᠢᠯᠠᠨ᠂ ᠣᠯᠠᠨ ᠤ ᠬᠦᠴᠦᠨ ᠢ ᠴᠢᠳᠠᠮᠠᠭᠠᠢ ᠬᠡᠷᠡᠭᠯᠡᠵᠦ᠂ | ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ ᠠᠵᠢᠯ ᠢᠶᠠᠨ ᠰᠠᠶᠢᠲᠤᠷ ᠬᠢᠵᠦ᠂ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ | ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠯᠢ ᠠᠯᠤᠰᠯᠠᠭᠰᠠᠨ ᠵᠢᠭᠤᠯᠴᠢᠯᠠᠯ ᠢ ᠬᠥᠭᠵᠢᠭᠦᠯᠬᠦ᠂ ᠴᠡᠷᠢᠭ ᠠᠩᠭᠢ ᠶᠢᠨ | ᠪᠠᠶᠢᠭᠤᠯᠤᠯᠲᠠ ᠳᠤ ᠦᠢᠯᠡᠴᠢᠯᠡᠬᠦ᠂ ᠭᠠᠳᠠᠭᠠᠳᠤ ᠯᠤᠭ᠎ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ | ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ | ᠵᠥᠪᠯᠡᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠷᠦ ᠶᠢᠨ | ᠪᠣᠳᠣᠯᠭ᠎ᠠ ᠪᠠ ᠠᠷᠭ᠎ᠠ ᠪᠣᠳᠣᠯᠭ᠎ᠠ ᠶᠢ ᠣᠨᠣᠪᠴᠢᠲᠠᠢ ᠡᠵᠡᠮᠳᠡᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠲᠠᠯ ᠢ ᠴᠡᠭᠴᠡᠯᠡᠨ | ᠢᠯᠵᠠᠷᠠᠯ ᠢ ᠡᠰᠡᠷᠭᠦᠴᠡᠬᠦ ᠠᠵᠢᠯ ᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠬᠦᠴᠦᠯᠡᠨ ᠠᠬᠢᠭᠤᠯᠬᠤ | ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠰᠠᠶᠢᠲᠤᠷ ᠬᠡᠷᠡᠭᠯᠡᠬᠦ ᠶᠢ ᠴᠢᠬᠤᠯᠠᠴᠢᠯᠠᠵᠤ᠂ | ᠨᠡᠶᠢᠲᠡ ᠶᠢᠨ ᠴᠢᠨᠠᠷᠲᠠᠢ ᠠᠰᠠᠭᠤᠳᠠᠯ ᠪᠠ ᠳᠠᠭᠢᠨ ᠳᠠᠪᠲᠠᠨ ᠢᠯᠡᠷᠡᠭᠰᠡᠨ ᠠᠰᠠᠭᠤᠳᠠᠯ ᠳᠤ ᠵᠠᠳᠠᠯᠤᠯᠲᠠ ᠬᠢᠬᠦ ᠶᠢ | ᠴᠢᠩᠭᠠᠳᠬᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠭᠤᠯᠵᠤ ᠪᠠᠶᠢᠭᠠᠳ ᠳᠦᠷᠢᠮ ᠢ | ᠲᠡᠭᠦᠯᠳᠡᠷᠵᠢᠭᠦᠯᠵᠦ᠂ ᠲᠠᠰ ᠳᠠᠷᠠᠭᠠᠯᠠᠯ ᠢ ᠵᠢᠷᠤᠮᠵᠢᠭᠤᠯᠵᠤ᠂ ᠳᠤᠲᠠᠭᠤᠳᠠᠯ ᠢ ᠦᠨᠡᠨ ᠬᠦ ᠨᠥᠬᠦᠪᠦᠷᠢᠯᠡᠬᠦ ᠬᠡᠷᠡᠭᠲᠡᠢ᠃ | ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠦᠴᠦᠲᠡᠢ ᠠᠷᠭ᠎ᠠ ᠬᠡᠮᠵᠢᠶ᠎ᠡ | ᠠᠪᠴᠤ ᠪᠠᠶᠢᠭᠠᠳ ᠵᠣᠬᠢᠶᠠᠨ ᠪᠠᠶᠢᠭᠤᠯᠤᠨ ᠠᠬᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠦᠨᠡᠨ | ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ︾ ᠪᠣᠯᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠶᠢᠨ | ᠠᠵᠢᠯ ᠤᠨ ᠲᠥᠰᠥᠯ︾ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |