ᠰᠢ ᠶᠢᠨ ᠫᠢᠩ ᠰᠦᠷᠢᠨᠠᠮ ᠤᠨ ᠶᠡᠷᠦᠩᠬᠡᠶᠢᠯᠡᠭᠴᠢ ᠰᠠᠨᠲ᠋ᠤᠺᠢ ᠲᠠᠢ ᠬᠡᠯᠡᠯᠴᠡᠭᠡ ᠬᠢᠪᠠ
ᠨᠡᠶᠢᠲᠡᠯᠡᠭᠰᠡᠨ ᠴᠠᠭ᠄
2024/4/15
   4 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠰᠦᠷᠢᠨᠠᠮ ᠤᠨ ᠶᠡᠷᠦᠩᠬᠡᠶᠢᠯᠡᠭᠴᠢ ᠰᠠᠨᠲ᠋ᠤᠺᠢ ᠲᠠᠢ ᠬᠡᠯᠡᠯᠴᠡᠭᠡ ᠬᠢᠪᠡ᠃   ᠰᠢ ᠶᠢᠨ ᠫᠢᠩ᠂ ᠳᠤᠮᠳᠠᠳᠤ ᠰᠦᠷᠢᠨᠠᠮ ᠤᠨ ᠨᠥᠬᠦᠷᠯᠡᠯ ᠥᠨᠢ ᠤᠳᠠᠭᠠᠨ ᠤᠯᠠᠮᠵᠢᠯᠠᠯ ᠲᠠᠢ᠂ ᠤᠷᠲᠤ ᠤᠳᠠᠭᠠᠨ ᠲᠡᠦᠬᠡ ᠲᠠᠢ ᠶᠤᠮ᠃ ᠰᠦᠷᠢᠨᠠᠮ ᠪᠣᠯ ᠠᠩᠬᠠᠳᠠᠭᠴᠢ ᠪᠦᠯᠦᠭ ᠰᠢᠨ᠎ᠡ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠵᠤ᠂ ᠳᠤᠮᠳᠠᠳᠤ ᠤᠯᠤᠰ ᠲᠠᠢ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠵᠢᠴᠢ ᠳᠤᠮᠳᠠᠳᠤ ᠤᠯᠤᠰ ᠲᠠᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠥᠪᠵᠢᠭᠦᠯᠭᠡ ᠳᠤ ᠭᠠᠷ ᠤᠨ ᠦᠰᠦᠭ ᠵᠢᠷᠤᠭᠰᠠᠨ ᠺᠠᠷᠢᠪᠤ ᠶᠢᠨ ᠤᠯᠤᠰ ᠤᠨ ᠨᠢᠭᠡ ᠪᠣᠯᠤᠨ᠎ᠠ᠃ ᠬᠤᠶᠠᠷ ᠤᠯᠤᠰ ᠢᠮᠠᠭᠲᠠ ᠬᠠᠷᠢᠯᠴᠠᠨ ᠬᠦᠨᠳᠦᠳᠭᠡᠵᠦ᠂ ᠡᠷᠬᠡ ᠲᠡᠭᠰᠢ ᠪᠠᠷ ᠬᠠᠨᠳᠤᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠪᠠ᠃ ᠳᠤᠮᠳᠠᠳᠤ ᠤᠯᠤᠰ ᠳᠤᠷᠠᠲᠠᠶ᠎ᠠ ᠰᠦᠷᠢᠨᠠᠮ ᠤᠨ ᠬᠢᠨ ᠲᠠᠢ ᠬᠠᠮᠲᠤ ᠪᠠᠷ ᠴᠢᠷᠮᠠᠶᠢᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠤᠯᠠᠮ ᠪᠠᠬᠢᠵᠢᠭᠦᠯᠵᠦ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠭᠡᠵᠦ᠂ ᠤᠯᠠᠨ ᠤᠯᠤᠰ ᠤᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠳᠤᠮᠳᠠᠳᠤ ᠰᠦᠷᠢᠨᠠᠮ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠨᠡᠩ ᠨᠢᠭᠲᠠ ᠬᠠᠷᠢᠯᠴᠠᠭ᠎ᠠ ᠪᠠᠶᠢᠭᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠰᠦᠷᠢᠨᠠᠮ ᠤᠨ ᠬᠢᠨ ᠤ ᠳᠤᠮᠳᠠᠳᠤ ᠤᠯᠤᠰ ᠯᠤᠭ᠎ᠠ ᠶᠢᠨ ᠨᠥᠬᠦᠷᠯᠡᠯ ᠢᠶᠠᠨ ᠢᠮᠠᠭᠲᠠ ᠪᠠᠲᠤᠳᠬᠠᠵᠤ᠂ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠲᠠᠢ ᠬᠤᠯᠪᠤᠭᠳᠠᠭᠰᠠᠨ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠳᠤᠮᠳᠠᠳᠤ ᠤᠯᠤᠰ ᠢ ᠡᠷᠡᠰ ᠳᠡᠮᠵᠢᠵᠤ ᠪᠠᠶᠢᠭ᠎ᠠ ᠶᠢ ᠳᠤᠮᠳᠠᠳᠤ ᠤᠯᠤᠰ ᠳᠡᠭᠡᠳᠦ ᠬᠡᠮᠵᠶ᠊ ᠡᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠳᠤᠮᠳᠠᠳᠤ ᠤᠯᠤᠰ ᠪᠠᠰᠠ ᠰᠦᠷᠢᠨᠠᠮ ᠤᠨ ᠬᠢᠨ ᠤ ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠡᠵᠡᠨ ᠮᠡᠳᠡᠨ ᠰᠣᠩᠭᠤᠬᠤ ᠶᠢ ᠡᠷᠡᠰ ᠲᠡᠮᠵᠢᠨ᠎ᠠ᠃ ᠳᠤᠮᠳᠠᠳᠤ ᠤᠯᠤᠰ ᠳᠤᠷᠠᠲᠠᠶ᠎ᠠ ᠰᠦᠷᠢᠨᠠᠮ ᠯᠤᠭ᠎ᠠ ᠦᠷᠭᠦᠯᠵᠢᠯᠡᠨ ᠬᠠᠷᠢᠯᠴᠠᠨ ᠣᠶᠢᠯᠠᠭᠠᠵᠤ᠂ ᠬᠠᠷᠢᠯᠴᠠᠨ ᠳᠡᠮᠵᠢᠵᠦ᠂ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠡᠯ᠎ᠡ ᠰᠠᠯᠠᠭ᠎ᠠ ᠮᠥᠴᠢᠷ᠂ ᠬᠠᠤᠯᠢ ᠲᠣᠭᠲᠠᠭᠠᠬᠤ ᠪᠠᠶᠢᠭᠤᠯᠤᠮᠵᠢ᠂ ᠲᠦᠷᠦ ᠶᠢᠨ ᠨᠠᠮ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠪᠠᠨ ᠨᠢᠭᠲᠠᠷᠠᠭᠤᠯᠵᠤ᠂ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠨ᠎ᠠ᠃ ᠰᠦᠷᠢᠨᠠᠮ ᠤᠨ ᠨᠡᠩ ᠤᠯᠠᠨ ᠴᠢᠨᠠᠷ ᠰᠠᠶᠢᠲᠠᠢ ᠤᠨᠴᠠᠯᠢᠬᠳᠤ ᠦᠢᠯᠡᠳᠬᠦᠨ ᠢᠶᠠᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠭᠤᠯᠵᠤ ᠢᠷᠡᠬᠦ ᠶᠢ ᠳᠤᠮᠳᠠᠳᠤ ᠤᠯᠤᠰ ᠪᠠᠶᠠᠷᠯᠠᠨ ᠤᠭᠲᠤᠵᠤ᠂ ᠳᠤᠷᠠᠲᠠᠶ᠎ᠠ ᠰᠦᠷᠢᠨᠠᠮ ᠤᠨ ᠬᠢᠨ ᠲᠠᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠬᠥᠳᠡᠭᠡ ᠠᠵᠤ ᠠᠬᠤᠢ᠂ ᠡᠨᠧᠷᠭᠢ᠂ ᠠᠭᠤᠷᠬᠠᠢ ᠶᠢᠨ ᠦᠢᠯᠡᠰ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠭᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠦᠨᠡᠨ ᠪᠣᠳᠠᠲᠠᠢ ᠪᠤᠶᠠᠨ ᠦᠢᠯᠡᠳᠦᠨ᠎ᠡ᠃ ᠰᠦᠷᠢᠨᠠᠮ ᠪᠣᠯ ᠺᠠᠷᠢᠪᠤ ᠣᠷᠣᠨ ᠤ ᠳᠤᠮᠳᠠᠳᠤ ᠶᠢᠨ ᠬᠠᠷᠢᠶᠠᠲᠤ ᠪᠠ ᠲᠤᠮᠳᠠᠳᠤᠴᠤᠳ ᠬᠠᠮᠤᠭ ᠤᠨ ᠤᠯᠠᠨ ᠪᠠᠶᠢᠭ᠎ᠠ ᠤᠯᠤᠰ ᠤᠨ ᠨᠢᠭᠡ ᠪᠣᠯᠬᠤ ᠪᠥᠭᠡᠳ ᠪᠠᠷᠠᠭᠤᠨ ᠬᠠᠭᠠᠰ ᠪᠥᠮᠪᠥᠷᠴᠡᠭ ᠤᠨ ᠠᠩᠬᠠᠳᠠᠭᠴᠢ ᠳᠤᠮᠳᠠᠳᠤ ᠤᠯᠤᠰ ᠤᠨ ᠴᠠᠭᠠᠨ ᠰᠠᠷ᠎ᠠ ᠶᠢ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠡᠳᠦᠷ ᠪᠣᠯᠭᠠᠭᠰᠠᠨ ᠤᠯᠤᠰ ᠪᠣᠯᠤᠨ᠎ᠠ᠃ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠦᠷᠭᠦᠯᠵᠢᠯᠡᠨ ᠵᠣᠷᠢᠭᠵᠢᠭᠤᠯᠵᠤ᠂ ᠬᠥᠮᠦᠰ ᠤᠨ ᠶᠠᠪᠤᠯᠴᠠᠭ᠎ᠠ ᠳᠤ ᠲᠦᠬᠦᠮ ᠦᠵᠡᠭᠦᠯᠵᠦ᠂ ᠺᠦᠩᠽᠢ ᠶᠢᠨ ᠳᠡᠭᠡᠳᠦ ᠰᠤᠷᠭᠠᠭᠤᠯᠢ ᠶᠢ ᠬᠠᠮᠲᠤ ᠪᠠᠷ ᠰᠠᠶᠢᠲᠤᠷ ᠪᠦᠳᠦᠭᠡᠨ ᠪᠠᠶᠢᠭᠤᠯᠤᠶ᠎ᠠ᠃ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠶᠠᠷ ᠤᠯᠤᠰ ᠤᠨ ᠰᠣᠯᠢᠯᠴᠠᠭ᠎ᠠ ᠬᠠᠮᠲᠤᠷᠠᠯᠴᠠᠭᠠᠨ ᠤ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠰᠦᠷᠢᠨᠠᠮ ᠵᠡᠷᠭᠡ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠤᠯᠠᠨ ᠲᠠᠯ᠎ᠠ ᠶᠢᠨ ᠵᠣᠬᠢᠴᠠᠭᠤᠯᠭ᠎ᠠ ᠪᠣᠯᠤᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ ᠠᠰᠢᠭ ᠲᠤᠰᠠ ᠪᠠᠨ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠳᠤᠮᠳᠠᠳᠤ ᠤᠯᠤᠰ ᠺᠠᠷᠢᠪᠤ ᠶᠢᠨ ᠤᠯᠤᠰ ᠤᠳ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠴᠢᠬᠤᠯᠠᠴᠢᠯᠠᠵᠤ᠂ ᠺᠠᠷᠢᠪᠤ ᠶᠢᠨ ᠤᠯᠤᠰ ᠤᠳ ᠤᠨ ᠬᠥᠭᠵᠢᠯ ᠴᠡᠴᠡᠭᠯᠡᠯ ᠢ ᠡᠷᠢᠯᠬᠢᠯᠡᠵᠦ᠂ ᠠᠷᠠᠳ ᠤᠯᠠᠨ ᠤ ᠪᠤᠶᠠᠨ ᠵᠢᠷᠭᠠᠯ ᠢ ᠨᠡᠮᠡᠭᠳᠡᠭᠦᠯᠬᠦ ᠶᠢ ᠳᠡᠮᠵᠢᠵᠦ᠂ ᠳᠤᠷᠠᠲᠠᠶ᠎ᠠ ᠭᠠᠵᠠᠷ ᠣᠷᠣᠨ ᠤ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠬᠠᠩᠭᠠᠨ᠎ᠠ ᠭᠡᠵᠦ ᠴᠢᠬᠤᠯᠠᠴᠢᠯᠠᠪᠠ᠃   ᠰᠠᠨᠲ᠋ᠤᠺᠢ᠂ ᠰᠦᠷᠢᠨᠠᠮ ᠳᠤᠮᠳᠠᠳᠤ ᠶᠢᠨ ᠨᠥᠬᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ᠃ ᠰᠦᠷᠢᠨᠠᠮ ᠳᠤ ᠰᠠᠭᠤᠭ᠎ᠠ ᠳᠤᠮᠳᠠᠳᠤᠴᠤᠳ ᠰᠦᠷᠢᠨᠠᠮ ᠤᠨ ᠤᠯᠤᠰ ᠤᠨ ᠪᠦᠲᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠰᠦᠷᠢᠨᠠᠮ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 48 ᠵᠢᠯ ᠤᠨ ᠲᠤᠷᠰᠢ᠂ ᠰᠦᠷᠢᠨᠠᠮ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠢᠮᠠᠭᠲᠠ ᠪᠠᠲᠤ ᠰᠠᠬᠢᠭᠰᠠᠭᠠᠷ ᠢᠷᠡᠪᠡ᠂ ᠳᠤᠮᠳᠠᠳᠤ ᠤᠯᠤᠰ ᠤᠨ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢ ᠦᠷᠭᠦᠯᠵᠢᠯᠡᠨ ᠭᠤᠶᠢᠪᠢᠰᠢ ᠦᠭᠡᠢ ᠳᠡᠮᠵᠢᠨ᠎ᠠ᠃ ᠳᠤᠮᠳᠠᠳᠤ ᠤᠯᠤᠰ ᠰᠦᠷᠢᠨᠠᠮ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠵᠦ᠂ ᠬᠤᠶᠠᠷ ᠤᠯᠤᠰ ᠤᠨ ᠬᠥᠳᠡᠭᠡ ᠠᠵᠤ ᠠᠬᠤᠢ᠂ ᠡᠷᠡᠭᠦᠯ ᠬᠠᠮᠠᠭᠠᠯᠠᠯ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠂ ᠡᠳᠡᠭᠡᠷ ᠨᠢ ᠴᠥᠮ ᠬᠤᠶᠠᠷ ᠤᠯᠤᠰ ᠤᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ ᠪᠠ ᠭᠦᠨ ᠵᠤᠵᠠᠭᠠᠨ ᠠᠬ᠎ᠠ ᠳᠡᠭᠦᠦ ᠶᠢᠨ ᠨᠥᠬᠦᠷᠯᠡᠯ ᠢ ᠢᠯᠡᠷᠡᠭᠦᠯᠵᠦ᠂ ᠰᠦᠷᠢᠨᠠᠮ ᠤᠨ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠦᠢᠯ ᠤᠨ ᠶᠡᠭᠡ ᠬᠦᠴᠦᠨ ᠨᠡᠮᠡᠷᠢᠯᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠢ ᠪᠤᠢ ᠪᠣᠯᠭᠠᠪᠠ᠃ ᠲᠡᠷᠢᠭᠦᠯᠡᠭᠴᠢ ᠰᠢ ᠶᠢᠨ ᠫᠢᠩ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠵᠡᠷᠭᠡ ᠴᠢᠬᠤᠯᠠ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢ ᠳᠤᠷᠠᠳᠴᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠭᠰᠡᠨ ᠪᠠ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠭᠰᠠᠨ ᠨᠢ ᠤᠯᠠᠨ ᠲᠠᠯᠠᠲᠤ ᠦᠵᠡᠯ ᠢ ᠬᠠᠮᠠᠭᠠᠯᠠᠬᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠰᠦᠷᠢᠨᠠᠮ ᠤᠨ ᠬᠢᠨ ᠳᠡᠮᠵᠢᠯᠭᠡ ᠦᠵᠡᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠨ᠎ᠠ᠃ ᠲᠤᠰ ᠤᠳᠠᠭ᠎ᠠ ᠶᠢᠨ ᠠᠶᠢᠯᠴᠢᠯᠠᠯᠲᠠ ᠪᠠᠷ ᠠᠵᠠ ᠲᠣᠬᠢᠶᠠᠯ ᠪᠣᠯᠭᠠᠵᠤ᠂ ᠬᠤᠶᠠᠷ ᠤᠯᠤᠰ ᠤᠨ ᠲᠦᠷᠦ ᠶᠢᠨ ᠨᠠᠮ ᠤᠨ ᠰᠣᠯᠢᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠪᠣᠬᠢᠷᠲᠤᠯ ᠦᠭᠡᠢ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠭᠡᠳᠭᠡᠵᠦ᠂ ᠰᠦᠷᠢᠨᠠᠮ ᠳᠤᠮᠳᠠᠳᠤ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠃ ᠰᠦᠷᠢᠨᠠᠮ ᠤᠨ ᠬᠢᠨ ᠳᠤᠷᠠᠲᠠᠶ᠎ᠠ ᠺᠠᠷᠢᠪᠤ ᠶᠢᠨ ᠤᠯᠤᠰ ᠤᠳ ᠤᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠴᠢᠷᠮᠠᠶᠢᠯᠭ᠎ᠠ ᠭᠠᠷᠭᠠᠨ᠎ᠠ ᠭᠡᠵᠦ ᠢᠯᠡᠳᠭᠡᠪᠡ᠃   ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠪᠣᠬᠢᠷᠲᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃   ᠬᠤᠶᠠᠷ ᠲᠠᠯ᠎ᠠ ᠪᠠᠷ ᠢᠶᠠᠨ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠦᠬᠦᠳᠠ ᠨᠠᠶᠢᠷᠠᠮᠳᠠᠬᠤ ᠰᠦᠷᠢᠨᠠᠮ ᠤᠯᠤᠰ ᠤᠨ ᠬᠠᠮᠲᠤᠷᠠᠭᠰᠠᠨ ᠰᠣᠨᠢᠨ ᠮᠡᠳᠡᠭᠡᠨ ᠤ ᠠᠯᠪᠠᠨ ᠮᠡᠳᠡᠭᠡ︾ ᠶᠢ ᠨᠡᠶᠢᠲᠡᠯᠡᠪᠡ᠃   ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠰᠠᠨᠲ᠋ᠤᠺᠢ ᠪᠣᠯᠤᠨ ᠲᠡᠭᠦᠨ ᠤ ᠬᠠᠳᠤᠨ ᠮᠦᠢᠯᠢᠰᠠ ᠶᠢ ᠤᠭᠲᠤᠬᠤ ᠶᠣᠰᠣᠯᠠᠯ ᠶᠠᠪᠤᠭᠤᠯᠪᠠ᠃   ᠰᠠᠨᠲ᠋ᠤᠺᠢ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠰᠦᠷᠢᠨᠠᠮ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠤᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠰᠠᠨᠲ᠋ᠤᠺᠢ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠶᠣᠰᠣᠯᠠᠯ ᠤᠨ ᠠᠩᠬᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃    ᠲᠤᠰ ᠤᠷᠤᠢ᠂ ᠰᠢ ᠶᠢᠨ ᠫᠢᠩ ᠪᠣᠯᠤᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠰᠠᠨᠲ᠋ᠤᠺᠢ ᠪᠤᠯᠤᠨ ᠲᠡᠭᠦᠨ ᠤ ᠬᠠᠲᠤᠨ ᠢ ᠤᠭᠲᠤᠬᠤ ᠳᠠᠶᠢᠯᠠᠯᠭ᠎ᠠ ᠬᠢᠪᠡ᠃   ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 12 ᠤᠨ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号