ᠭᠤᠣᠯ ᠤᠨ ᠪᠠᠶᠢᠰᠢᠩ ᠪᠠᠭ᠎ᠠ ᠰᠤᠷᠭᠠᠭᠤᠯᠢ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/16
   ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠵᠤ᠂ ᠶᠠᠯᠠᠲᠤ ᠡᠲᠡᠭᠡᠳ ᠤᠨ ᠰᠤᠷᠭᠠᠭᠤᠯᠢ ᠶᠢᠨ ᠬᠦᠷᠢᠶᠡᠨ ᠳᠤ ᠬᠦᠴᠦᠷᠬᠡᠭᠯᠡᠯ ᠤᠨ ᠠᠵᠢᠯᠯᠠᠭ᠎ᠠ ᠬᠡᠷᠡᠭᠵᠢᠭᠦᠯᠵᠦ᠂ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠢ ᠵᠦᠢ ᠵᠣᠬᠢᠰᠲᠠᠢ ᠰᠢᠢᠳᠪᠦᠷᠢᠯᠡᠬᠦ᠂ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠠᠬᠤ ᠵᠢᠴᠢ ᠠᠮᠢ ᠵᠢᠭᠤᠲᠠᠬᠤ ᠪᠦᠲᠦᠮᠵᠢᠲᠡᠢ ᠠᠶᠤᠯ ᠠᠴᠠ ᠵᠠᠶᠢᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠶᠠᠯ᠎ᠠ ︵ᠰᠦᠷᠳᠡᠭᠦᠯᠦᠯ ᠤᠨ ᠡᠲᠡᠭᠡᠳ ᠤᠨ ᠥᠷᠭᠡᠨ ᠣᠯᠠᠨ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠳᠤ ᠤᠴᠠᠷᠠᠭᠤᠯᠤᠭᠰᠠᠨ ᠬᠤᠣᠷ ᠬᠥᠨᠥᠭᠡᠯ ᠪᠠ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾᠎ ᠶᠢᠨ ᠶᠡᠷᠦᠩᠬᠡᠢ ᠠᠵᠢᠯ ᠤᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠭᠤᠣᠯ ᠤᠨ ᠪᠠᠶᠢᠰᠢᠩ ᠪᠠᠭ᠎ᠠ ᠰᠤᠷᠭᠠᠭᠤᠯᠢ 2024 ᠣᠨ ᠤ 4 ᠰᠠᠷ᠎ᠠ ᠶᠢᠨ 11᠎ ᠤ ᠡᠳᠦᠷ ᠤᠨ ᠦᠳᠡ ᠶᠢᠨ ᠬᠤᠶᠢᠨ᠎ᠠ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠲᠤᠰ ᠤᠳᠠᠭᠠᠨ ᠤ ᠰᠣᠷᠢᠯᠲᠠ ᠶᠢᠨ ᠠᠵᠢᠯᠯᠠᠭ᠎ᠠ ᠶᠢ ᠤᠷᠤᠭᠰᠢᠲᠠᠢ ᠥᠷᠨᠢᠭᠦᠯᠬᠦ ᠶᠢᠨ ᠲᠥᠯᠥᠭᠡ᠂ ᠰᠤᠷᠭᠠᠭᠤᠯᠢ ᠶᠢᠨ ᠠᠮᠤᠷ ᠲᠦᠪᠰᠢᠨ ᠤ ᠭᠠᠵᠠᠷ ᠠᠴᠠ ︽ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠰᠣᠷᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ︾᠎ ᠢ ᠨᠠᠷᠢᠨ ᠲᠣᠳᠣᠷᠬᠠᠢ ᠲᠣᠭᠲᠠᠭᠠᠵᠤ᠂ ᠰᠣᠷᠢᠯᠲᠠ ᠶᠢᠨ ᠵᠣᠷᠢᠯᠭ᠎ᠠ ᠪᠠ ᠱᠠᠭᠠᠷᠳᠠᠯᠭ᠎ᠠ᠂ ᠴᠤᠪᠤᠷᠠᠯ ᠵᠢᠴᠢ ᠠᠵᠢᠯᠲᠠᠨ ᠤ ᠲᠣᠬᠢᠷᠠᠭᠤᠯᠤᠯᠲᠠ ᠵᠡᠷᠭᠡ ᠳᠤ ᠨᠠᠷᠢᠨ ᠨᠢᠮᠪᠠᠢ ᠲᠣᠬᠢᠷᠠᠭᠤᠯᠤᠯᠲᠠ ᠬᠢᠵᠡᠢ᠃    ᠲᠤᠰ ᠤᠳᠠᠭᠠᠨ ᠤ ᠰᠣᠷᠢᠯᠲᠠ ᠶᠢᠨ ᠠᠵᠢᠯᠯᠠᠭ᠎ᠠ ᠨᠢ ︽ᠮᠠᠭᠤ ᠡᠲᠡᠭᠡᠳ ᠠᠯᠪᠠᠳᠠᠯᠭ᠎ᠠ ᠪᠠᠷ ᠰᠤᠷᠭᠠᠭᠤᠯᠢ ᠶᠢᠨ ᠬᠦᠷᠢᠶᠡᠨ ᠳᠤ ᠳᠠᠭᠠᠷᠢᠨ ᠣᠷᠣᠬᠤ︾᠎ ᠪᠠᠷ ᠭᠡᠨᠡᠳᠲᠡ ᠶᠢᠨ ᠬᠡᠷᠡᠭ ᠤᠨ ᠠᠬᠤᠢ ᠪᠠᠶᠢᠳᠠᠯ ᠪᠣᠯᠭᠠᠪᠠ᠃ ᠰᠤᠷᠭᠠᠭᠤᠯᠢ ᠳᠤ ᠰᠠᠭᠤᠬᠤ ᠦᠶ᠎ᠡ ᠶᠢᠨ ᠨᠢᠭᠡ ᠬᠢᠲᠤᠭ᠎ᠠ ᠪᠠᠷᠢᠭᠰᠠᠨ ᠮᠠᠭᠤ ᠡᠲᠡᠭᠡᠳ ᠰᠤᠷᠭᠠᠭᠤᠯᠢ ᠶᠢᠨ ᠬᠦᠷᠢᠶᠡᠨ ᠳᠤ ᠣᠷᠣᠵᠤ ᠪᠠᠭᠱᠢ ᠰᠤᠷᠤᠭᠴᠢᠳ ᠲᠤ ᠬᠠᠷᠭᠢᠰ ᠬᠡᠷᠴᠡᠭᠡᠢ ᠠᠵᠢᠯᠯᠠᠭ᠎ᠠ ᠬᠢᠬᠦ ᠪᠠᠷ ᠣᠷᠣᠯᠳᠣᠪᠠ᠃ ᠵᠢᠵᠢᠭᠦᠷᠯᠡᠵᠦ ᠪᠠᠶᠢᠭ᠎ᠠ ᠪᠠᠭᠰᠢ᠂ ᠠᠮᠤᠷ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠳᠤᠭᠤᠶᠢᠯᠠᠩ ᠵᠡᠷᠭᠡ ᠨᠢ ᠴᠠᠭ ᠲᠤᠬᠠᠢ ᠳᠤᠨᠢ ᠴᠤᠤᠷᠢᠶᠠᠲᠤᠨ ᠳᠠᠭᠠᠵᠤ᠂ ᠵᠢᠵᠢᠭᠦᠷ ᠤᠨ ᠪᠠᠭᠰᠢ ᠳᠠᠷᠦ᠋ᠢᠬᠠᠨ ︽ᠨᠢᠭᠡ ᠳᠠᠷᠤᠪᠴᠢ ᠪᠠᠷ ᠲᠦᠭᠰᠢᠭᠦᠷᠢ ᠮᠡᠳᠡᠭᠦᠯᠬᠦ︾ ᠳᠠᠭᠤᠳᠠᠯᠲᠠ ᠬᠢᠵᠦ᠂ ᠰᠡᠷᠡᠮᠵᠢ ᠶᠢᠨ ᠳᠤᠬᠢᠶ‌‍᠎ᠠ᠎ᠠ ᠶᠢ ᠰᠣᠨᠣᠰᠪᠠ᠂ ᠰᠤᠷᠭᠠᠭᠤᠯᠢ ᠲᠡᠷᠡ ᠳᠠᠷᠤᠢ ᠳᠤᠨᠢ ᠰᠦᠷᠳᠡᠭᠦᠯᠦᠯ ᠢ ᠰᠡᠷᠭᠡᠶᠢᠯᠡᠨ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠢᠶᠠᠨ ᠡᠬᠢᠯᠡᠭᠦᠯᠵᠦ᠂ ᠠᠮᠤᠷ ᠢ ᠬᠠᠮᠠᠭᠠᠯᠠᠬᠤ ᠠᠵᠢᠯᠲᠠᠨ ᠪᠠᠮᠪᠠᠶ᠂ ᠠᠴᠠ ᠡᠮᠦᠨ᠎ᠡ ᠰᠦᠷᠳᠡᠭᠦᠯᠬᠦ ᠡᠲᠡᠭᠡᠳ ᠢ ᠬᠦᠷᠢᠶᠡᠯᠡᠨ ᠪᠠᠷᠢᠪᠴᠢᠯᠠᠪᠠ᠃ ᠰᠡᠷᠭᠡᠶᠢᠯᠡᠬᠦ᠂ ᠬᠠᠮᠠᠭᠠᠯᠠᠬᠤ᠂ ᠪᠦᠰᠡᠯᠡᠬᠦ᠂ ᠳᠠᠭᠠᠷᠢᠬᠤ᠂ ᠰᠢᠢᠳᠪᠦᠷᠢᠯᠡᠬᠦ ᠵᠡᠷᠭᠡ ᠪᠠᠶᠢᠯᠳᠤᠬᠤ ᠠᠷᠭ᠎ᠠ ᠶᠢᠨ ᠠᠷᠭ᠎ᠠ ᠪᠠᠷ ᠳᠠᠮᠵᠢᠭᠤᠯᠤᠨ᠂ ᠰᠦᠷᠳᠡᠭᠦᠯᠬᠦ ᠡᠲᠡᠭᠡᠳ ᠢ ᠤᠳᠠᠯ ᠦᠭᠡᠢ ᠡᠵᠡᠮᠱᠢᠭᠰᠡᠨ ᠪᠠᠶᠢᠨ᠎ᠠ᠃    ᠴᠠᠭᠳᠠᠭᠠᠨ ᠤ ᠳᠠᠭᠤᠨ ᠭᠠᠷᠤᠭᠰᠠᠨ ᠤ ᠳᠠᠷᠠᠭ᠎ᠠ᠂ ᠡᠯ᠎ᠡ ᠠᠩᠭᠢ ᠶᠢᠨ ᠪᠠᠭᠰᠢ ᠨᠠᠷ ᠳᠠᠷᠤᠢ ᠲᠦᠷᠭᠡᠨ ᠰᠤᠷᠤᠭᠴᠢᠳ ᠢ ᠵᠢᠯᠣᠭᠤᠳᠤᠨ ᠡᠭᠦᠳᠡᠨ ᠴᠣᠩᠬᠤ ᠶᠢ ᠰᠠᠶᠢᠲᠤᠷ ᠣᠨᠢᠰᠤᠯᠠᠵᠤ᠂ ᠰᠢᠷᠡᠭᠡ ᠪᠠᠷ ᠬᠢᠴᠢᠶᠡᠯ ᠤᠨ ᠭᠡᠷ ᠢ ᠣᠷᠦ᠋ᠢᠯᠠᠵᠤ᠂ ︽ᠮᠠᠭᠤ ᠡᠲᠡᠭᠡᠳ︾ ᠭᠡᠷ ᠳᠣᠲᠣᠷᠠᠬᠢ ᠭᠡᠨᠡᠳᠲᠡ ᠶᠢᠨ ᠪᠠᠶᠢᠳᠠᠯ ᠢ ᠬᠤᠷᠢᠭᠯᠠᠵᠤ᠂ ᠰᠤᠷᠤᠭᠴᠢᠳ ᠢ ᠵᠣᠬᠢᠶᠠᠨ ᠪᠠᠶᠢᠭᠤᠯᠤᠨ ᠪᠦᠲᠦᠮᠵᠢᠲᠡᠢ ᠪᠠᠷ ᠨᠢᠭᠤᠵᠤ ᠳᠠᠯᠳᠠᠯᠠᠭᠤᠯᠪᠠ᠃    ᠰᠣᠷᠢᠯᠲᠠ ᠳᠠᠭᠤᠰᠤᠭᠰᠠᠨ ᠤ ᠳᠠᠷᠠᠭ᠎ᠠ᠂ ᠦ᠋ ᠡᠷᠬᠢᠯᠡᠭᠴᠢ ᠲᠤᠰ ᠤᠳᠠᠭᠠᠨ ᠤ ᠰᠣᠷᠢᠯᠲᠠ ᠶᠢᠨ ᠪᠠᠶᠢᠳᠠᠯ ᠳᠤ ᠳ᠋ᠦᠩᠨᠡᠯᠲᠡ ᠬᠢᠵᠦ᠂ ᠰᠦᠷᠳᠡᠭᠦᠯᠦᠯ ᠢ ᠡᠰᠡᠷᠭᠦᠴᠡᠵᠦ ᠬᠦᠴᠦᠷᠬᠡᠭᠯᠡᠯ ᠢ ᠰᠡᠷᠭᠡᠶᠢᠯᠡᠬᠦ ᠮᠡᠳᠡᠯᠭᠡ ᠤᠷ᠎ᠠ ᠴᠢᠳᠠᠪᠤᠷᠢ ᠶᠢᠨ ᠴᠢᠬᠤᠯᠠ ᠴᠢᠨᠠᠷ ᠢ ᠪᠦᠬᠦ ᠲᠠᠯ᠎ᠠ ᠪᠠᠷ ᠡᠵᠡᠮᠰᠢᠬᠦ ᠶᠢ ᠭᠤᠣᠯᠳᠠᠯᠭ᠎ᠠ ᠲᠠᠢ ᠴᠢᠬᠤᠯᠠᠴᠢᠯᠠᠬᠤ ᠶᠢᠨ ᠬᠠᠮᠲᠤ᠂ ᠪᠦᠬᠦ ᠬᠥᠮᠦᠰ ᠲᠤᠰ ᠤᠳᠠᠭᠠᠨ ᠤ ᠪᠣᠳᠠᠲᠤ ᠪᠠᠶᠢᠯᠳᠤᠭᠠᠨ ᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠲᠦᠭᠰᠢᠭᠦᠷᠢᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠢᠮᠠᠭᠲᠠ ᠪᠠᠲᠤᠯᠠᠵᠤ᠂ ᠭᠡᠨᠡᠳᠲᠡ ᠶᠢᠨ ᠠᠮᠤᠷ ᠲᠦᠪᠰᠢᠨ ᠤ ᠠᠳᠠᠯ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号