ᠣᠶᠢᠵᠢᠭᠤᠯᠤᠯᠲᠠ ᠶᠢᠨ ᠲᠠᠯᠠᠪᠠᠢ 10 ᠲᠦᠮᠡᠨ ᠮᠦ ᠳᠤ ᠬᠦᠷᠭᠡᠨ᠎ᠡ︕ ᠮᠠ ᠢ ᠣᠢ ᠰᠢᠭᠤᠢ 6 ᠵᠢᠯ ᠳᠠᠷᠠᠭᠠᠯᠠᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠳᠣ ᠲᠠᠷᠢᠵᠤ ᠡᠯᠡᠰᠦ ᠶᠢ ᠵᠠᠰᠠᠬᠤ ᠶᠢ ᠳᠡᠮᠵᠢᠪᠡ
ᠨᠡᠶᠢᠲᠡᠯᠡᠭᠰᠡᠨ ᠴᠠᠭ᠄
2024/4/16
   ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠬᠤᠸᠠ ᠳᠣᠪᠤ ᠂ ᠰᠠᠮᠠᠭ᠎ᠠ ᠭᠠᠴᠠᠭᠠᠨ ᠤ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠨ ᠤ ᠵᠠᠰᠠᠯᠲᠠ ᠶᠢᠨ ᠣᠷᠣᠨ ᠳᠤ᠂ ᠰᠢᠨ᠎ᠡ ᠪᠠᠷ ᠵᠠᠶᠢᠯᠠᠭᠰᠠᠨ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠪᠠ ᠵᠢᠭᠠᠷᠲᠤ ᠨᠠᠷᠠᠰᠤᠨ ᠤ ᠵᠤᠯᠵᠠᠭ᠎ᠠ ᠮᠣᠳᠣ ᠶᠢ ᠲᠡᠷᠢ ᠲᠡᠭᠰᠢ ᠵᠢᠭᠰᠠᠭᠠᠵᠤ᠂ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠨ᠎ᠡ᠃ ᠡᠨᠡ ᠨᠢ ᠵᠢᠷ ᠤᠨ ᠬᠥᠮᠦᠰ ︽ᠮᠠ ᠢ︾᠎ ᠶᠢᠨ ᠬᠦᠴᠦᠨ ᠢᠶᠠᠷ ᠡᠯᠡᠰᠦᠨ ᠳᠤ ᠤᠷᠭᠤᠭᠰᠠᠨ ᠰᠣᠩᠭᠢᠨ᠎ᠠ ᠶᠢᠨ ᠨᠣᠭᠤᠭᠠᠨ ᠥᠩᠭᠡ ᠪᠣᠯᠤᠨ᠎ᠠ᠃ ᠬᠠᠵᠠᠭᠤ ᠬᠠᠪᠢ ᠪᠠᠷ ᠬᠠᠷᠠᠭᠳᠠᠭᠰᠠᠨ ︽ᠮᠠ ᠢ ᠣᠢ ᠰᠢᠭᠤᠢ ᠶᠢᠨ ᠲᠥᠷᠥᠯ ᠵᠦᠢᠯ ᠤᠨ ᠣᠷᠣᠨ︾᠎ ᠤ ᠴᠢᠯᠠᠭᠤᠨ ᠬᠦᠰᠢᠶ᠎ᠡ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 25 ᠲᠦᠮᠡᠨ ᠺᠠᠳ᠋ᠷ ᠣᠯᠠᠨ ᠲᠦᠮᠡᠨ ᠤ ᠳᠠᠭᠤᠨ ᠦᠭᠡᠢ ︽ᠬᠠᠷᠠᠮᠵᠢ︾ ᠪᠣᠯᠤᠨ᠎ᠠ᠃    2018 ᠣᠨ ᠠᠴᠠ ᠠᠩᠬᠠᠨ ᠤ ᠮᠣᠳᠣ ᠶᠢ ᠲᠠᠷᠢᠭᠰᠠᠨ ᠠᠴᠠ ᠣᠳᠣ ᠪᠣᠯᠲᠠᠯ᠎ᠠ᠂ ᠰᠢᠷᠭᠤᠯᠵᠢ ᠶᠢᠨ ᠣᠢ ᠰᠢᠭᠤᠢ ᠣᠯᠠᠨ ᠰᠦᠯᠵᠢᠶᠡᠨ ᠠᠨᠳᠠ ᠬᠠᠮᠲᠤᠷᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠠᠷᠭᠠᠨ᠎ᠠ᠂ ᠴᠢᠴᠠᠷᠭᠠᠨ᠎ᠠ᠂ ᠬᠡᠭᠡᠷ᠎ᠡ ᠶᠢᠨ ᠭᠦᠢᠯᠡᠰᠦ᠂ ᠬᠠᠶᠢᠯᠠᠰᠤᠨ ᠮᠣᠳᠣ᠂ ᠬᠠᠶᠢᠯᠠᠷ ᠨᠠᠷᠠᠰᠤ 780 ᠲᠦᠮᠡᠨ ᠰᠠᠭᠤᠷᠢ ᠲᠠᠷᠢᠵᠤ᠂ ᠣᠶᠢᠵᠢᠭᠤᠯᠤᠭᠰᠠᠨ ᠲᠠᠯᠠᠪᠠᠢ 7 ᠲᠦᠮᠡᠨ ᠮᠦ ᠶᠢ ᠳᠠᠪᠠᠵᠠᠢ᠃    4 ᠰᠠᠷ᠎ᠠ ᠶᠢᠨ 15᠎ ᠤ ᠡᠳᠦᠷ᠂ ᠬᠤᠷᠴᠢᠨ ᠤ ᠡᠯᠡᠰᠦᠷᠬᠡᠭ ᠭᠠᠵᠠᠷ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠡᠮᠦᠨ᠎ᠡ ᠭᠤᠷᠪᠠᠨ ᠰᠤᠮᠤ︾᠎ ᠶᠢᠨ ᠵᠠᠰᠠᠯᠲᠠ ᠶᠢᠨ ᠣᠷᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠱᠢᠷᠭᠤᠯᠵᠢ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠭᠴᠢ᠂ ᠲᠡᠷᠢᠭᠦᠨ ᠦᠷᠭᠦᠯᠵᠢᠯᠡᠬᠦ ᠬᠥᠭᠵᠢᠯᠲᠡ ᠶᠢᠨ ᠨᠣᠶᠠᠨ᠂ ᠱᠢᠷᠭᠤᠯᠵᠢ ᠣᠢ ᠰᠢᠭᠤᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠫᠧᠩ ᠢ ᠵᠢᠶᠧ ᠲᠠᠨᠢᠯᠴᠠᠭᠤᠯᠬᠤ ᠳᠠᠭᠠᠨ᠂ 2024 ᠣᠨ ᠳᠤ᠂ ᠮᠠ ᠢ ᠪᠦᠯᠦᠭᠯᠡᠯ ︽ᠰᠢᠷᠭᠤᠯᠵᠢ ᠶᠢᠨ ᠣᠢ ᠰᠢᠭᠤᠢ︾᠎ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ ᠵᠦᠢᠯ ᠢᠶᠠᠷ ᠳᠡᠮᠵᠢᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠦᠷᠭᠦᠯᠵᠢᠯᠡᠨ ᠳᠡᠮᠵᠢᠵᠦ᠂ ᠵᠢᠯ ᠤᠨ ᠳᠣᠲᠣᠷ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠳᠠᠬᠢᠨ ᠬᠠᠷᠭᠠᠨ᠎ᠠ᠂ ᠬᠡᠭᠡᠷ᠎ᠡ ᠶᠢᠨ ᠭᠦᠢᠯᠡᠰᠦ᠂ ᠬᠠᠶᠢᠯᠠᠰᠤᠨ ᠮᠣᠳᠣ᠂ ᠪᠠᠲᠤ ᠪᠠᠬᠢ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠵᠡᠷᠭᠡ ᠮᠣᠳᠣᠨ ᠤ ᠲᠥᠷᠥᠯ ᠵᠦᠢᠯ 230 ᠲᠦᠮᠡ ᠶᠢ ᠳᠠᠪᠠᠵᠤ᠂ ᠨᠡᠶᠢᠲᠡ 10 ᠲᠦᠮᠡᠨ ᠮᠦ ᠶᠢ ᠳᠠᠪᠠᠭ᠋ᠤ ᠪᠣᠯᠤᠨ᠎ᠠ᠃    ︽ᠥᠩᠭᠡᠷᠡᠭᠰᠡᠨ ᠳᠤ᠂ ᠪᠢ ᠵᠥᠪᠬᠡᠨ ᠭᠠᠷ ᠤᠲᠠᠰᠤᠨ ᠤ ᠳᠡᠯᠭᠡᠴᠡ ᠪᠠᠷ ︿ᠬᠠᠶᠢᠷᠠᠯᠠᠨ ᠬᠠᠮᠠᠭᠠᠯᠠᠵᠤ﹀ ᠦᠰᠦᠨ ᠪᠤᠶᠢᠵᠢᠵᠤ ᠪᠠᠶᠢᠨ᠎ᠠ᠂ ᠣᠳᠣ ᠣᠯᠠᠨ ᠲᠠᠢ ᠬᠠᠮᠲᠤ ᠨᠠᠷᠠᠰᠤ ᠪᠣᠯᠤᠨ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠵᠤᠯᠵᠠᠭ᠎ᠠ ᠮᠣᠳᠣ ᠶᠢ ᠰᠠᠭᠤᠯᠭᠠᠵᠤ᠂ ᠪᠢ ᠮᠠᠰᠢ ᠣᠮᠤᠭ ᠲᠠᠢ ᠪᠠᠶᠢᠨ᠎ᠠ︾ ᠭᠡᠵᠦ ᠬᠡᠯᠡᠪᠡ᠃ ᠵᠧᠵᠢᠶᠠᠩ ᠮᠤᠵᠢ ᠶᠢᠨ ᠸᠧᠨ ᠵᠧᠦ ᠬᠤᠲᠠ ᠶᠢᠨ ᠼᠠᠩ ᠨᠠᠨ ᠰᠢᠶᠠᠩ ᠤᠨ ︽ᠮᠠ ᠢ ᠭᠡᠷᠡᠭᠯᠡᠭᠴᠢ︾ ᠴᠧᠨ ᠱᠧᠩ ᠰᠧᠨ ᠬᠠᠮᠲᠤ ᠡᠳ᠋ᠯᠡᠬᠦ ᠵᠠᠮ᠃ ᠡᠨᠡ ᠪᠣᠯ ᠲᠡᠷᠡ ᠠᠩᠭᠢ ᠶᠢᠨ ᠨᠥᠬᠦᠳ ᠲᠠᠢ ᠪᠠᠨ ᠠᠩᠬ᠎ᠠ ᠤᠳᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠪᠠᠶᠢᠭ᠎ᠠ ᠶᠤᠮ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠬᠠᠮᠤᠭ ᠤᠨ ᠬᠤᠶᠢᠲᠤ ᠬᠡᠰᠡᠭ ᠲᠤ ᠪᠠᠶᠢᠷᠢᠯᠠᠵᠤ᠂ ᠬᠤᠷᠴᠢᠨ ᠤ ᠡᠯᠡᠰᠦᠷᠬᠡᠭ ᠭᠠᠵᠠᠷ ᠤᠨ ᠵᠠᠬ᠎ᠠ ᠬᠢᠵᠠᠭᠠᠷ ᠤᠨ ᠭᠠᠳᠠᠭᠰᠢ ᠥᠷᠭᠡᠳᠬᠡᠬᠦ ᠶᠢ ᠬᠤᠷᠢᠭᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ 2018 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠪᠣᠯᠤᠭᠰᠠᠨ ᠤ ᠬᠤᠪᠢ ᠳᠤ᠂ ᠲᠥᠪ ᠤᠨ ᠤᠬᠠᠭᠤᠯᠬᠤ ᠬᠡᠯᠲᠡᠰ ᠠᠴᠠ ︽ᠰᠢᠷᠭᠤᠯᠵᠢ ᠶᠢᠨ ᠣᠢ ᠰᠢᠭᠤᠢ︾᠎ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠲᠥᠷᠥᠯ ᠵᠦᠢᠯ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠨᠤᠲᠤᠭᠰᠢᠭᠤᠯᠬᠤ ᠶᠢ ᠠᠬᠢᠭᠤᠯᠪᠠ᠃ ᠲᠤᠰ ᠵᠢᠯ ᠳᠤ 2 ᠲᠦᠮᠡᠨ ᠮᠦ ᠬᠠᠷᠭᠠᠨ᠎ᠠ᠂ 8 500 ᠮᠥ ᠴᠢᠴᠠᠷᠭᠠᠨ᠎ᠠ ᠪᠦᠬᠦ ᠬᠤᠰᠢᠭᠤᠨ ᠤ 7 ᠰᠤᠮᠤ ᠪᠠᠯᠭᠠᠰᠤ᠂ 3 ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠳᠤ ᠭᠡᠷ ᠣᠷᠣᠨ ᠢᠶᠠᠨ ᠠᠮᠤᠷᠵᠢᠭᠤᠯᠪᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ︽ᠮᠠ ᠢ ᠣᠢ ᠰᠢᠭᠤᠢ︾᠎ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ᠲᠣᠭᠤᠷᠢᠭ ᠲᠤ᠂ ᠣᠢ ᠰᠢᠭᠤᠢ ᠬᠠᠮᠠᠭᠠᠯᠠᠭᠴᠢ ᠲᠦᠩ ᠢᠦᠢ ᠱᠠᠨ ᠡᠳᠦᠷ ᠪᠦᠷᠢ ᠮᠣᠲ᠋ᠣᠷ ᠤᠨᠤᠵᠤ ᠢᠮᠠᠬᠤ ᠪᠦᠷᠢ ᠥᠩ ᠰᠢᠮᠡᠯᠢᠭ ᠬᠥᠷᠥᠰᠥ ᠶᠢ ᠲᠣᠭᠤᠷᠢᠨ ᠦᠵᠡᠵᠦ᠂ ᠨᠡᠯᠦᠭᠡᠷ ᠡᠯᠡᠰᠦᠷᠬᠡᠭ ᠭᠠᠵᠠᠷ ᠠᠴᠠ ᠬᠡᠰᠡᠭ ᠪᠦᠷᠢ ᠶᠢᠨ ᠨᠣᠭᠤᠭᠠᠨ ᠪᠦᠷᠢᠳᠦ ᠬᠦᠷᠴᠦ᠂ ᠵᠢᠵᠢᠭ ᠰᠠᠵᠢᠭ ᠬᠤᠪᠢᠷᠠᠯᠲᠠ ᠶᠢ ᠭᠡᠷᠡᠴᠢᠯᠡᠪᠡ᠃ ᠥᠩᠭᠡᠷᠡᠭᠰᠡᠨ ᠳᠤ ︽ᠥᠩᠭᠡᠷᠡᠭᠰᠡᠨ ᠳᠤ᠂ ᠰᠠᠯᠬᠢ ᠰᠠᠯᠬᠢᠯᠠᠵᠤ᠂ ᠨᠢᠭᠡ ᠰᠥᠨᠢ ᠲᠠᠷᠢ᠊ ᠡᠶ᠎ᠡ ᠲᠠᠷᠢᠬᠤ ᠨᠢ ᠡᠯᠡᠰᠦᠨ ᠤ ᠡᠭᠦᠷ ᠪᠣᠯᠳᠠᠭ᠃ ᠬᠠᠷᠭᠠᠨ᠎ᠠ ᠶᠢ ᠲᠠᠷᠢᠭᠰᠠᠨ ᠠᠴᠠ ᠠᠪᠤᠭᠠᠳ ᠠᠭᠤᠯᠠ ᠲᠠᠯ᠎ᠠ ᠳᠦᠭᠦᠷᠡᠩ ᠮᠠᠩᠬᠠᠨ ᠭᠠᠵᠠᠷ ᠴᠥᠮ ᠨᠣᠭᠤᠭᠠᠷᠠᠵᠤ᠂ ᠪᠣᠷᠣᠭᠠᠨ ᠤ ᠤᠰᠤ ᠴᠤ ᠠᠷᠪᠢᠨ ᠪᠣᠯᠵᠤ᠂ ᠦᠯᠦ ᠦᠰᠦᠲᠦ ᠭᠠᠵᠠᠷ ᠨᠢ ᠥᠩ ᠰᠢᠮᠡᠯᠢᠭ ᠬᠥᠷᠥᠰᠥᠨ ᠳᠤ ᠰᠠᠶᠢᠨ ᠲᠠᠷᠢ᠊ ᠡᠶ᠎ᠡ ᠪᠣᠯᠵᠤ ᠬᠤᠪᠢᠷᠠᠨ᠎ᠠ︾ ᠭᠡᠵᠡᠢ᠃ ᠥᠩᠭᠡᠷᠡᠭᠰᠡᠨ ᠲᠠᠢ ᠬᠠᠷᠢᠴᠠᠭᠤᠯᠪᠠᠯ᠂ ᠲᠦᠩ ᠢᠦᠢ ᠱᠠᠨ ᠠᠭᠤᠯᠠ ᠲᠦᠭ ᠲᠦᠮᠡᠨ ᠰᠡᠳᠬᠢᠯ ᠳᠣᠭᠳᠣᠯᠪᠠ᠃    ᠠᠳᠠᠯᠢᠬᠠᠨ ᠯᠤᠲᠤ ᠶᠡᠭᠡ ᠬᠤᠪᠢᠷᠠᠯᠲᠠ ᠶᠢ ᠰᠡᠷᠡᠵᠦ ᠮᠡᠳᠡᠭᠰᠡᠨ ᠪᠠᠶᠢᠪᠠᠯ᠂ ᠪᠠᠰᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠰᠠᠶᠢᠬᠠᠨ ᠳᠣᠪᠤ ᠭᠠᠴᠠᠭᠠᠨ ᠤ ᠨᠠᠮ ᠤᠨ ᠡᠭᠦᠷ ᠤᠨ ᠱᠦᠵᠢ ᠸᠠᠩ ᠱᠤᠸᠠᠩ ᠵᠤ ᠪᠣᠯᠤᠨ᠎ᠠ᠃     ᠡᠨᠡ ᠵᠢᠯ ᠤᠨ 3 ᠰᠠᠷ᠎ᠠ ᠶᠢᠨ 12᠎ ᠤ ᠡᠳᠦᠷ ᠤᠨ ᠮᠣᠳᠣ ᠲᠠᠷᠢᠬᠤ ᠠᠵᠢᠯᠯᠠᠭ᠎ᠠ ᠳᠤᠮᠳᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠸᠧᠨ ᠭᠤᠸᠠᠨ ᠵᠢᠮᠢᠰ ᠤᠨ ᠱᠤᠭᠤᠮ ᠳᠡᠭᠡᠷ᠎ᠡ ᠱᠢᠷᠭᠤᠯᠵᠢ ᠣᠢ ᠱᠢᠭᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ ᠤᠨ ᠮᠣᠳᠣᠨ ᠤ ᠲᠥᠷᠥᠯ ᠵᠦᠢᠯ ᠪᠣᠯᠵᠤ᠂ ᠰᠦᠯᠵᠢᠶᠡᠨ ᠤ ᠨᠠᠶᠢᠵᠠ ᠭᠠᠷ ᠤᠲᠠᠰᠤ ᠪᠠᠷ ᠡᠨᠧᠷᠭᠢ ᠶᠢᠨ ᠮᠣᠳᠣ ᠲᠠᠷᠢᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠵᠥᠪᠬᠡᠨ ᠬᠤᠶᠠᠷ ᠡᠳᠦᠷ ᠤᠨ ᠴᠠᠭ ᠬᠡᠷᠡᠭᠯᠡᠵᠦ᠂ 70 ᠲᠦᠮᠡᠨ ᠰᠢᠷᠬᠡᠭ ᠸᠧᠨ ᠭᠤᠸᠠᠨ ᠵᠢᠮᠢᠰ ᠰᠣᠯᠢᠬᠤ ᠪᠣᠯᠤᠨ᠎ᠠ᠃    ︽ᠪᠢ ᠬᠠᠶᠢᠷ᠎ᠠ ᠲᠠᠢ ᠪᠣᠯ ᠳᠠᠷᠤᠢ ᠰᠢᠷᠭᠤᠯᠵᠢ ᠶᠢᠨ ᠣᠢ ᠰᠢᠭᠤᠢ ᠶᠢᠨ ᠱᠤᠭᠤᠮ ᠳᠡᠭᠡᠷ᠎ᠡ ᠮᠣᠳᠣ ᠲᠠᠷᠢᠵᠤ ᠬᠤᠪᠢ ᠪᠠᠷᠢᠯᠳᠤᠭᠤᠯᠵᠤ᠂ ᠮᠠᠰᠢ ᠪᠠᠶᠠᠷ ᠬᠦᠷ ᠲᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ 18 ᠳ᠋ᠤᠭᠠᠷ ︿ᠬᠠᠶᠢᠷ᠎ᠠ ᠶᠢᠨ ᠮᠣᠳᠣ﹀᠎ ᠶᠢ ᠭᠦᠨ ᠰᠢᠷ᠎ᠠ ᠡᠯᠡᠰᠦ ᠳᠠᠷᠢᠵᠤ᠂ ᠨᠢᠳᠤᠨᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠠᠮᠲᠤ ᠪᠠᠷ ᠲᠠᠷᠢᠭᠰᠠᠨ ᠬᠠᠶᠢᠯᠠᠰᠤᠨ ᠮᠣᠳᠣ ᠶᠢ ᠦᠵᠡᠶ᠎ᠡ ᠭᠡᠵᠦ ᠪᠣᠳᠣᠵᠤ ᠪᠠᠶᠢᠨ᠎ᠠ︾ ᠬᠡᠵᠤ ᠱᠠᠨᠳᠦᠩ ᠮᠤᠵᠢ ᠶᠢᠨ ᠯᠢᠨ ᠢ ᠬᠤᠲᠠ ᠠᠴᠠ ᠢᠷᠡᠭᠰᠡᠨ ᠰᠢᠷᠭᠤᠯᠵᠢ ᠣᠢ ᠶᠢᠨ ᠬᠡᠷᠡᠭᠯᠡᠭᠴᠢ ᠹᠠᠨ ᠱᠤ᠋ ᠴᠢ ᠬᠡᠯᠡᠪᠡ᠃    ᠡᠳᠦᠭᠡ᠂ ᠲᠥᠪ ᠤᠨ ᠤᠬᠠᠭᠤᠯᠬᠤ ᠬᠡᠯᠲᠡᠰ ᠶᠠᠭ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ ᠵᠣᠬᠢᠴᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠠᠮᠲᠤ ᠪᠠᠷ ᠣᠷᠣᠯᠴᠠᠵᠤ ᠪᠠᠶᠢᠨ᠎ᠠ᠃ ᠮᠠ ᠢ ᠣᠢ ᠱᠢᠭᠤᠢ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠳᠣᠣᠷ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤ ᠠᠯᠢ ᠣᠯᠠᠨ ᠦᠷ᠎ᠡ ᠪᠦᠲᠦᠮᠵᠢ ᠰᠠᠶᠢᠲᠠᠢ ᠣᠶᠢᠵᠢᠭᠤᠯᠵᠤ᠂ ᠨᠣᠭᠤᠭᠠᠨ ᠥᠩᠭᠡ ᠶᠢ ᠦᠷᠭᠦᠯᠵᠢᠯᠡᠨ ᠥᠷᠭᠡᠳᠬᠡᠵᠡᠢ᠃ 2023 ᠣᠨ ᠤ ᠡᠴᠦᠰ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠲᠤᠰ ᠲᠤᠰ 2017 ᠣᠨ ᠤ 17.64% ᠪᠠ 35.17% ᠪᠠᠶᠢᠭᠰᠠᠨ ᠠᠴᠠ 18.54% ᠪᠠ 76.77% ᠪᠣᠯᠲᠠᠯ᠎ᠠ ᠳᠡᠭᠡᠭᠰᠢᠯᠡᠪᠡ᠃ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ 611 ᠲᠦᠮᠡᠨ ᠮᠦ ᠪᠠᠶᠢᠭᠰᠠᠨ ᠠᠴᠠ 498 ᠲᠦᠮᠡᠨ ᠮᠦ ᠪᠣᠯᠤᠨ ᠪᠠᠭᠠᠰᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号