ᠵᠠᠯᠠᠭᠤ ᠪᠠᠭᠠᠴᠤᠤᠯ ᠵᠡᠭᠦᠳᠦ ᠪᠠᠨ ᠲᠡᠷᠭᠡᠯᠰᠢᠭᠦᠯᠦᠶ᠎ᠡ — ᠪᠠᠷᠠᠭᠤᠨ ᠵᠢᠷᠢᠮ ᠳᠤᠮᠳᠠᠳᠤ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠬᠡᠭᠡᠷᠯᠡᠨ ᠭᠦᠶᠦᠬᠦ ᠤᠷᠤᠯᠳᠤᠭᠠᠨ ᠤ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2024/4/16
   ᠭᠤᠷᠭᠤᠤᠯᠳᠠᠢ ᠡᠪᠡᠰᠦ ᠤᠷᠭᠤᠵᠤ᠂ ᠬᠠᠪᠤᠷ ᠥᠩᠭᠡ ᠢᠯᠭᠠᠷᠠᠨ᠎ᠠ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠲᠠᠪᠤᠨ ᠬᠥᠮᠦᠵᠢᠯ ᠢ ᠵᠡᠷᠭᠡ ᠪᠠᠷ ᠠᠳᠬᠤᠨ᠂ ᠮᠠᠨ ᠤ ᠰᠤᠷᠭᠠᠭᠤᠯᠢ ᠶᠢᠨ ᠨᠡᠷᠡᠨ ᠭᠡᠷᠡᠯᠲᠦ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠶᠠᠰᠤ ᠴᠢᠨᠠᠷ ᠢ ᠠᠬᠢᠭᠤᠯᠵᠤ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠨ᠂ ᠰᠤᠷᠤᠭᠴᠢᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠵᠤ᠂ ᠰᠤᠷᠤᠭᠴᠢᠳ ᠤᠨ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠪᠠᠷᠠᠭᠤᠨ ᠵᠢᠷᠢᠮ ᠳᠤᠮᠳᠠᠳᠤ ᠰᠤᠷᠭᠠᠭᠤᠯᠢ 2024 ᠣᠨ ᠤ 4 ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨ᠎ᠡ ︽ᠵᠠᠯᠠᠭᠤ ᠨᠠᠰᠤᠨ ᠤ ᠪᠠᠭᠠᠴᠤᠳ᠂ ᠬᠦᠰᠡᠯ ᠵᠡᠭᠦᠳᠦ ᠪᠠᠨ ᠲᠡᠷᠭᠡᠯᠰᠢᠭᠦᠯᠦᠨ ᠭᠦᠶᠦᠬᠦ︾ ᠬᠠᠪᠤᠷ ᠤᠨ ᠤᠯᠠᠷᠢᠯ ᠤᠨ ᠬᠡᠭᠡᠷᠡᠯᠡᠨ ᠭᠦᠶᠦᠬᠦ ᠤᠷᠤᠯᠳᠤᠭᠠᠨ ᠡᠷᠬᠢᠯᠡᠪᠡ᠃    ᠮᠠᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠨ ᠤᠷᠠᠯᠢᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠨᠢᠮᠪᠠᠢ ᠲᠥᠯᠥᠪᠯᠡᠭᠡ ᠪᠠ ᠲᠣᠬᠢᠷᠠᠭᠤᠯᠤᠯᠲᠠ ᠬᠢᠵᠦ᠂ ᠲᠤᠰ ᠤᠳᠠᠭᠠᠨ ᠤ ᠬᠡᠭᠡᠷᠡᠯᠡᠨ ᠭᠦᠶᠦᠬᠦ ᠤᠷᠤᠯᠳᠤᠭᠠᠨ ᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠬᠡᠭᠡᠷᠡᠯᠡᠨ ᠭᠦᠶᠦᠬᠦ ᠤᠷᠤᠯᠳᠤᠭᠠᠨ ᠤ ᠭᠠᠵᠠᠷ ᠲᠤ ᠪᠠᠷᠠᠭᠤᠨ ᠵᠢᠷᠢᠮ ᠪᠠᠯᠭᠠᠰᠤᠨ ᠤ ᠲᠠᠷᠢᠶᠠᠨ ᠭᠠᠵᠠᠷ ᠤᠨ ᠵᠥᠷᠢᠭ ᠵᠠᠮ ᠢᠶᠠᠷ ᠰᠣᠩᠭᠤᠵᠤ᠂ ᠡᠷᠡᠭᠲᠡᠢ ᠶᠢᠨ ᠵᠠᠮ 5000 ᠮᠧᠳ᠋ᠷ᠂ ᠡᠮᠡᠭᠲᠡᠢ ᠶᠢᠨ ᠵᠠᠮ 3000 ᠮᠧᠳ᠋ᠷ ᠲᠤ ᠬᠦᠷᠴᠦ᠂ ᠳᠣᠯᠣᠳᠤᠭᠠᠷ᠂ ᠨᠠᠢᠮᠠᠳᠤᠭᠠᠷ᠂ ᠶᠢᠰᠦᠳᠦᠭᠡᠷ ᠣᠨ ᠤ ᠡᠷᠡᠭᠲᠡᠢ ᠡᠮᠡᠭᠲᠡᠢ ᠳᠤᠭᠤᠶᠢᠯᠠᠩ ᠬᠤᠪᠢᠶᠠᠵᠤ᠂ ᠴᠠᠭ ᠬᠤᠪᠢᠶᠠᠨ ᠶᠠᠪᠤᠭᠳᠠᠭᠤᠯᠬᠤ ᠶᠢ ᠪᠠᠲᠤᠯᠠᠪᠠ᠃    ᠤᠷᠤᠯᠳᠤᠭᠠᠨ ᠤ ᠶᠠᠪᠤᠴᠠ ᠳᠤ᠂ ᠲᠠᠮᠢᠷᠴᠢᠳ ᠲᠠᠮᠢᠷ ᠲᠡᠩᠬᠡᠭᠡ ᠪᠠᠨ ᠠᠳᠠᠯᠢᠳᠬᠠᠵᠤ᠂ ᠡᠷᠴᠢ ᠵᠣᠷᠢᠭ ᠢᠶᠠᠨ ᠠᠳᠠᠯᠢᠳᠬᠠᠵᠤ᠂ ᠬᠡᠪ ᠨᠠᠮᠪᠠ ᠪᠠᠨ ᠠᠳᠠᠯᠢᠳᠬᠠᠵᠤ᠂ ᠬᠢᠷᠢ ᠲᠦᠪᠰᠢᠨ ᠢᠶᠠᠨ ᠠᠳᠠᠯᠢᠳᠬᠠᠵᠤ᠂ ᠰᠢᠳᠦ ᠵᠠᠭᠤᠨ ᠪᠠᠷᠢᠮᠲᠠᠯᠠᠵᠤ᠂ ᠪᠦᠬᠦ ᠲᠠᠮᠢᠷᠴᠢᠳ ᠤᠨ ᠪᠦᠯᠬᠦᠮᠳᠡᠨ ᠲᠡᠮᠡᠴᠡᠭᠰᠡᠨ ᠰᠡᠳᠬᠢᠯ ᠬᠥᠳᠡᠯᠭᠡᠮ᠎ᠡ ᠪᠠᠶᠢᠳᠠᠯ ᠢ ᠭᠦᠢᠴᠡᠳ ᠢᠯᠡᠷᠡᠭᠦᠯᠪᠡ᠃    ᠬᠠᠪᠤᠷ ᠤᠨ ᠤᠷᠢᠬᠠᠨ ᠰᠠᠯᠬᠢ ᠬᠦᠷᠬᠢᠷᠡᠨ ᠣᠯᠠᠨ ᠤ ᠰᠡᠳᠬᠢᠯ ᠢ ᠬᠤᠷᠢᠭᠯᠠᠵᠤ ᠴᠢᠳᠠᠬᠤ ‍ᠦᠭᠡᠢ᠃ ᠲᠠᠮᠢᠷᠴᠢᠳ ᠢᠳᠡᠷᠡᠭᠦᠨ ᠠᠯᠬᠤᠭ᠎ᠠ ᠪᠠᠷ ᠤᠷᠤᠭᠰᠢᠯᠠᠵᠤ᠂ ᠲᠡᠭᠦᠰᠬᠡᠯ ᠤᠨ ᠴᠡᠭ ᠤᠨ ᠪᠠᠭᠰᠢ᠂ ᠬᠠᠮᠲᠤ ᠰᠤᠷᠤᠭᠴᠢᠳ ᠤᠨ ᠢᠶᠠᠨ ᠴᠢᠷᠮᠠᠶᠢᠯᠭ᠎ᠠ ᠪᠠ ᠬᠠᠰᠬᠢᠷᠬᠤ ᠳᠠᠭᠤᠨ ᠤ ᠳᠤᠮᠳᠠ ᠪᠦᠬᠦ ᠶᠠᠪᠤᠴᠠ ᠶᠢ ᠳᠠᠭᠤᠰᠬᠠᠵᠤ᠂ ᠡᠴᠦᠰ ᠤᠨ ᠴᠡᠭ ᠢ ᠴᠢᠭᠯᠡᠪᠡ᠃    ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ︽ᠵᠠᠯᠠᠭᠤ ᠪᠠᠭᠠᠴᠤᠳ᠂ ᠬᠦᠰᠡᠯ ᠵᠡᠭᠦᠳᠦ ᠪᠠᠨ ᠲᠡᠷᠭᠡᠯᠰᠢᠭᠦᠯᠦᠨ ᠭᠦᠶᠦᠬᠦ︾ ᠬᠠᠪᠤᠷ ᠤᠨ ᠤᠯᠠᠷᠢᠯ ᠤᠨ ᠬᠡᠭᠡᠷ᠎ᠡ ᠶᠢᠨ ᠤᠷᠤᠯᠳᠤᠭᠠᠨ ᠤ ᠠᠵᠢᠯᠯᠠᠭ᠎ᠠ ᠨᠢ ᠲᠠᠮᠢᠷᠴᠢᠳ ᠬᠥᠯᠥᠰᠥ ᠪᠠᠨ ᠤᠷᠤᠰᠬᠠᠨ᠂ ᠪᠠᠭᠰᠢ ᠪᠣᠯᠤᠨ ᠬᠠᠮᠲᠤ ᠰᠤᠷᠤᠭᠴᠢᠳ ᠤᠨ ᠣᠷᠭᠢᠯᠤᠮ᠎ᠠ ᠬᠠᠯᠠᠭᠤᠨ ᠰᠡᠳᠬᠢᠯᠭᠡ ᠳᠤᠮᠳᠠ ᠡᠴᠦᠰ ᠲᠡᠭᠡᠨ ᠲᠡᠭᠦᠰ ᠠᠮᠵᠢᠯᠲᠠ ᠲᠠᠢ ᠥᠨᠳᠥᠷᠯᠡᠪᠡ᠃ ᠤᠷᠤᠯᠳᠤᠭᠠᠨ ᠤ ᠳᠠᠷᠠᠭ᠎ᠠ ᠰᠤᠷᠭᠠᠭᠤᠯᠢ ᠨᠢ ᠱᠠᠩᠨᠠᠯ ᠣᠯᠤᠭᠰᠠᠨ ᠠᠩᠭᠢ ᠪᠠ ᠲᠠᠮᠢᠷᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠪᠠ᠃    ᠲᠤᠰ ᠤᠳᠠᠭᠠᠨ ᠤ ᠬᠡᠭᠡᠷᠡᠯᠡᠨ ᠭᠦᠶᠦᠬᠦ ᠤᠷᠤᠯᠳᠤᠭᠠᠨ ᠳᠤ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠣᠶᠢᠯᠠᠭᠠᠭᠳᠠᠬᠤᠨ ᠨᠢ ᠰᠤᠷᠤᠭᠴᠢᠳ ᠤᠨ ᠪᠡᠶ᠎ᠡ ᠰᠡᠳᠬᠢᠯ ᠤᠨ ᠬᠡᠪ ᠴᠢᠨᠠᠷ ᠢ ᠰᠢᠯᠭᠠᠵᠤ᠂ ᠰᠤᠷᠤᠭᠴᠢᠳ ᠤᠨ ᠵᠠᠯᠠᠭᠤ ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠵᠦ᠂ ᠰᠤᠷᠤᠭᠴᠢᠳ ᠤᠨ ᠢᠳᠡᠪᠬᠢᠲᠡᠢ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠪᠠᠳᠠᠷᠠᠭᠤᠯᠵᠤ᠂ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠰᠤᠷᠤᠭᠴᠢᠳ ᠲᠤ ︽ᠬᠤᠶᠠᠷ ᠢ ᠪᠠᠭᠠᠰᠬᠠᠬᠤ︾ ᠨᠠᠷᠠᠨ ᠤ ᠭᠡᠷᠡᠯ ᠤᠨ ᠪᠡᠶ᠎ᠡ ᠶᠢᠨ ᠲᠠᠮᠢᠷ ᠤᠨ ᠪᠠᠶᠠᠷ ᠪᠠᠭ᠋ᠠᠳᠤᠯ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠢᠳᠡᠪᠬᠢᠵᠢᠯ ᠢ ᠨᠡᠩ ᠬᠥᠭᠵᠢᠭᠡᠵᠦ᠂ ᠠᠩᠭᠢ ᠶᠢᠨ ᠨᠢᠭᠲᠠᠷᠠᠯ ᠤᠨ ᠬᠦᠴᠦᠨ ᠪᠠ ᠬᠠᠮᠲᠤ ᠶᠢᠨ ᠢᠷᠠᠭᠤ ᠠᠯᠳᠠᠷ ᠤᠨ ᠰᠡᠳᠬᠢᠯᠭᠡ ᠶᠢ ᠨᠡᠮᠡᠭᠳᠡᠭᠦᠯᠵᠦ᠂ ᠪᠠᠲᠤ ᠴᠢᠩᠭ᠎ᠠ ᠵᠣᠷᠢᠭ ᠰᠠᠨᠠᠭᠠᠨ ᠤ ᠬᠡᠪ ᠴᠢᠨᠠᠷ ᠢ ᠪᠣᠯᠪᠠᠰᠤᠷᠠᠭᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号