ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠨᠠᠮ ᠤᠨ ᠭᠡᠰᠢᠭᠦᠨ ᠤ ᠨᠠᠮ ᠤᠨ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠪᠣᠯᠪᠠᠰᠤᠷᠠᠯ ᠤᠨ ᠠᠩᠭᠢ ᠵᠢᠴᠢ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/4/16
   ᠨᠠᠮ ᠤᠨ ᠭᠡᠰᠢᠭᠦᠨ ᠤ ᠨᠠᠮ ᠤᠨ ᠰᠤᠷᠭᠠᠭᠤᠯᠢ ᠳᠤ ᠣᠷᠣᠬᠤ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠬᠡᠪ ᠴᠢᠨᠠᠷ ᠢᠶᠠᠷ ᠰᠠᠶᠢᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ ᠨᠠᠮ ᠤᠨ ᠺᠠᠳ᠋ᠷ ᠤᠨ ᠡᠩᠨᠡᠭᠡ ᠶᠢ ᠬᠥᠮᠦᠵᠢᠭᠦᠯᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠨᠠᠮ ᠤᠨ ᠭᠡᠰᠢᠭᠦᠨ ᠤ ᠨᠠᠮ ᠤᠨ ᠰᠤᠷᠭᠠᠭᠤᠯᠢ ᠳᠤ ᠣᠷᠣᠬᠤ ᠬᠤᠶᠠᠳᠤᠭᠠᠷ ᠬᠤᠭᠤᠴᠠᠭᠠᠨ ᠤ ᠪᠣᠯᠪᠠᠰᠤᠷᠠᠯ ᠤᠨ ᠠᠩᠭᠢ ᠵᠢᠴᠢ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠵᠦ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ 120 ᠨᠠᠮ ᠤᠨ ᠠᠵᠢᠯ ᠤᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃    ᠠᠩᠭᠢ ᠡᠬᠢᠯᠡᠬᠦ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠮ ᠤᠨ ᠭᠡᠰᠢᠭᠦᠨ ᠤ ᠡᠷᠬᠡ ᠪᠠ ᠡᠭᠦᠷᠭᠡ᠂ ᠨᠠᠮ ᠤᠨ ᠭᠡᠰᠢᠭᠦᠨ ᠤ ᠨᠠᠮ ᠤᠨ ᠰᠤᠷᠭᠠᠭᠤᠯᠢ ᠳᠤ ᠣᠷᠣᠬᠤ ᠴᠢᠬᠤᠯᠠ ᠴᠢᠨᠠᠷ ᠢ ᠲᠠᠶᠢᠯᠪᠤᠷᠢᠯᠠᠬᠤ ᠪᠠᠷ ᠳᠠᠮᠵᠢᠨ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠤ ᠪᠣᠳᠠᠲᠠᠢ ᠱᠠᠭᠠᠷᠳᠠᠯᠭ᠎ᠠ ᠳᠤᠷᠠᠳᠪᠠ᠃    ᠲᠤᠰ ᠤᠳᠠᠭᠠᠨ ᠤ ᠪᠣᠯᠪᠠᠰᠤᠷᠠᠭᠤᠯᠤᠯ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠢᠴᠢᠶᠡᠯ ᠤᠨ ᠲᠣᠬᠢᠷᠠᠭᠤᠯᠤᠯᠲᠠ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠠᠮ ᠤᠨ ᠠᠵᠢᠯ ᠤᠨ ᠠᠵᠢᠯᠲᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠣᠨᠣᠯ ᠤᠨ ᠰᠤᠷᠤᠯᠴᠠᠯᠭ᠎ᠠ ᠲᠠᠢ ᠪᠥᠭᠡᠳ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠲᠠᠢ ᠪᠠᠶᠢᠨ᠎ᠠ᠃ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠠᠶᠢᠯᠪᠤᠷᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠵᠡᠷᠭᠡ ᠠᠭᠤᠯᠭ᠎ᠠ ᠶᠢ ᠲᠠᠶᠢᠯᠪᠤᠷᠢᠯᠠᠬᠤ ᠶᠢᠨ ᠬᠠᠮᠲᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠤᠷᠢᠵᠤ 2024 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠠᠶᠢᠯᠪᠤᠷᠢᠯᠠᠭᠤᠯᠪᠠ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ ᠲᠤᠰ ᠤᠳᠠᠭ᠎ᠠ ᠶᠢᠨ ᠪᠣᠯᠪᠠᠰᠤᠷᠠᠯ ᠢᠶᠠᠷ ᠳᠠᠮᠵᠢᠨ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠴᠢᠨᠠᠭᠰᠢᠳᠠ ᠪᠠᠲᠤᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠣᠨᠣᠯ ᠤᠨ ᠬᠠᠷᠠᠭ᠎ᠠ ᠪᠠᠨ ᠥᠷᠭᠡᠳᠬᠡᠵᠦ᠂ ᠪᠦᠬᠦ ᠵᠢᠯ ᠤᠨ ᠠᠵᠢᠯ ᠤᠨ ᠰᠡᠳᠬᠢᠴᠡ ᠪᠣᠯᠤᠨ ᠭᠤᠣᠯᠳᠠᠯᠭ᠎ᠠ ᠲᠠᠢ ᠭᠤᠣᠯᠳᠠᠯᠭ᠎ᠠ ᠪᠠᠨ ᠲᠣᠳᠣᠷᠬᠠᠶᠢᠯᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠴᠢᠳᠠᠪᠤᠷᠢ ᠬᠡᠪ ᠴᠢᠨᠠᠷ ᠪᠣᠯᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠷᠭᠡᠵᠢᠯᠲᠡᠨ ᠪᠣᠯᠬᠤ ᠪᠠᠷ ᠴᠢᠷᠮᠠᠶᠢᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ ᠪᠠᠲᠤᠯᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号