ᠵᠢᠶᠠᠩ ᠪᠧᠢ ᠫᠢᠩ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/16
    4 ᠰᠠᠷ᠎ᠠ ᠶᠢᠨ 10᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠠᠮ ᠤᠨ ᠰᠤᠷᠭᠠᠭᠤᠯᠢ ᠶᠢᠨ ᠵᠠᠬᠢᠷᠤᠯ ᠵᠢᠶᠠᠩ ᠪᠧᠢ ᠫᠢᠩ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃    ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠺᠠᠳ᠋ᠷ ᠤᠨ ᠬᠥᠮᠦᠵᠢᠯ ᠪᠣᠯᠪᠠᠰᠤᠷᠠᠯ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠪᠠᠶᠢᠴᠠᠭᠠᠨ ᠰᠣᠨᠣᠰᠴᠤ᠂ ᠨᠠᠮ ᠤᠨ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠪᠠ᠃    ᠵᠢᠶᠠᠩ ᠪᠧᠢ ᠫᠢᠩ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠡᠷᠬᠢᠯᠡᠬᠦ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ︽ᠨᠠᠮ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠵᠦ᠂ ᠨᠠᠮ ᠤᠨ ᠲᠥᠯᠥᠭᠡ ᠠᠷᠭ᠎ᠠ ᠤᠬᠠᠭᠠᠨ ᠭᠠᠷᠭᠠᠬᠤ︾ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠶᠢ ᠢᠮᠠᠭᠲᠠ ᠪᠠᠲᠤ ᠰᠠᠬᠢᠬᠤ ᠬᠡᠷᠡᠭᠲᠡᠢ᠃ ᠪᠦᠬᠦ ᠠᠶᠢᠮᠠᠭ ᠤᠨ ᠨᠠᠮ ᠤᠨ ᠰᠤᠷᠭᠠᠭᠤᠯᠢ ᠶᠢᠨ ᠠᠵᠢᠯ ᠦᠢᠯᠡᠰ ᠢ ᠨᠢᠭᠡ ᠴᠣᠭᠴᠠᠵᠢᠭᠤᠯᠤᠭᠰᠠᠨ ᠠᠭᠤᠯᠤᠭᠳᠠᠬᠤᠨ ᠤ ᠮᠠᠶ᠋ᠢᠭ ᠤᠨ ᠬᠥᠭᠵᠢᠯᠲᠡ ᠶᠢᠨ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠵᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠤᠨ᠂ ᠨᠠᠮ ᠤᠨ ᠰᠤᠷᠭᠠᠭᠤᠯᠢ ᠶᠢᠨ ᠠᠵᠢᠯ ᠪᠣᠯᠤᠨ ᠭᠤᠣᠯ ᠡᠭᠦᠷᠭᠡ ᠶᠢᠨ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠬᠢᠴᠢᠶᠡᠯ ᠲᠣᠬᠢᠷᠠᠭᠤᠯᠵᠤ᠂ ᠵᠢᠭᠠᠨ ᠰᠤᠷᠭᠠᠯᠲᠠ ᠶᠢᠨ ᠠᠭᠤᠯᠭ᠎ᠠ ᠶᠢ ᠥᠷᠭᠡᠳᠬᠡᠨ᠂ ᠨᠢᠭᠡ ᠰᠡᠳᠬᠢᠯ ᠢᠶᠠᠷ ᠰᠣᠳᠣᠨ ᠬᠢᠴᠢᠶᠡᠯ ᠢ ᠳᠠᠪᠲᠠᠨ ᠪᠣᠯᠪᠠᠰᠤᠷᠠᠭᠤᠯᠵᠤ᠂ ︽ᠨᠠᠮ ᠤᠨ ᠭᠡᠰᠢᠭᠦᠨ ᠨᠠᠮ ᠤᠨ ᠰᠤᠷᠭᠠᠭᠤᠯᠢ ᠳᠤ ᠣᠷᠣᠬᠤ︾᠂ ︽ᠨᠠᠮ ᠤᠨ ᠬᠢᠴᠢᠶᠡᠯ ᠦᠨᠳᠦᠰᠦᠨ ᠱᠠᠲᠤᠨ ᠳᠤ ᠬᠦᠷᠭᠡᠬᠦ︾᠂ ︽ᠤᠳᠤᠷᠢᠳᠬᠤ ᠺᠠᠳ᠋ᠷ ᠶᠠᠷᠢᠶᠠᠨ ᠤ ᠲᠠᠪᠴᠠᠩ ᠳᠤ ᠭᠠᠷᠬᠤ︾ ᠵᠡᠷᠭᠡ ᠬᠡᠯᠪᠡᠷᠢ ᠶᠢᠨ ᠠᠴᠢᠶᠠᠯᠠᠪᠤᠷᠢ ᠶᠢ ᠰᠠᠶᠢᠲᠤᠷ ᠠᠰᠢᠭᠯᠠᠨ᠂ ᠣᠨᠣᠯ ᠤᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠪᠣᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷ ᠢ ᠬᠠᠪᠰᠤᠷᠤᠨ ᠣᠨᠣᠯ ᠤᠨ ᠪᠣᠯᠪᠠᠰᠤᠷᠠᠯ ᠪᠣᠯᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ᠶᠢ ᠴᠢᠩᠭ᠎ᠠ ᠵᠠᠰᠠᠬᠤ᠂ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠪᠠᠷᠢᠮᠲᠠᠯᠠᠵᠤ᠂ ᠪᠠᠭᠰᠢ ᠶᠢᠨ ᠡᠩᠨᠡᠭᠡᠨ ᠤ ᠬᠠᠮᠢᠶᠠᠷᠤᠯᠲᠠ ᠪᠠ ᠬᠥᠮᠦᠵᠢᠯ ᠢ ᠴᠢᠩᠭᠠᠳᠬᠠᠵᠤ᠂ ᠤᠯᠤᠰ ᠲᠥᠷᠥ ᠶᠢᠨ ᠲᠠᠯ᠎ᠠ ᠪᠠᠷ ᠴᠢᠩᠭ᠎ᠠ᠂ ᠢᠲᠡᠭᠡᠯ ᠪᠢᠰᠢᠷᠡᠯ ᠪᠠᠲᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠲᠥᠪ ᠥᠨᠳᠥᠷ ᠬᠡᠪ ᠪᠣᠯᠪᠠᠰᠤᠷᠠᠯ ᠲᠠᠢ ᠨᠠᠮ ᠤᠨ ᠰᠤᠷᠭᠠᠭᠤᠯᠢ ᠶᠢᠨ ᠴᠢᠳᠠᠪᠤᠷᠢᠲᠠᠨ ᠤ ᠡᠩᠨᠡᠭᠡ ᠶᠢ ᠬᠦᠴᠦᠯᠡᠨ ᠪᠠᠶᠢᠭᠤᠯᠵᠤ᠂ ᠥᠨᠳᠥᠷ ᠪᠠᠷᠢᠮᠵᠢᠶ᠎ᠠ ᠪᠠᠷ ᠰᠤᠷᠭᠠᠭᠤᠯᠢ ᠡᠷᠬᠢᠯᠡᠬᠦ ᠪᠠᠷ ᠨᠠᠮ ᠤᠨ ᠰᠤᠷᠭᠠᠭᠤᠯᠢ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号