ᠯᠢ ᠵᠦᠩ ᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ
ᠨᠡᠶᠢᠲᠡᠯᠡᠭᠰᠡᠨ ᠴᠠᠭ᠄
2024/4/16
   4 ᠰᠠᠷ᠎ᠠ ᠶᠢᠨ 11᠎ ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠯᠢ ᠵᠦᠩ ᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ︽ᠠᠭᠤᠤ ᠶᠡᠭᠡ ᠦᠢᠯᠡᠳᠦᠯᠭᠡ ᠶᠢᠨ ᠭᠡᠷᠡᠯ ᠰᠠᠴᠤᠷᠠᠩᠭᠤᠢ ᠲᠡᠦᠬᠡ - ︿ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ﹀᠎ ᠶᠢ ᠭᠦᠨᠵᠡᠭᠡᠢ ᠣᠶᠢᠯᠠᠭᠠᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃    ᠤᠬᠠᠭᠤᠯᠤᠨ ᠲᠠᠶᠢᠯᠪᠤᠷᠢᠯᠠᠬᠤ ᠠᠭᠤᠯᠭ᠎ᠠ ᠨᠢ ᠪᠦᠬᠦ ᠲᠠᠯ᠎ᠠ ᠪᠠᠷ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾᠎ ᠢ ᠪᠦᠬᠦᠯᠢ ᠴᠣᠭᠴᠠ ᠪᠠᠷ ᠨᠢ ᠲᠣᠳᠣᠷᠬᠠᠶᠢᠯᠠᠨ ᠥᠭᠦᠯᠡᠵᠦ᠂ ᠥᠪᠥᠷ ᠮᠣᠩᠭᠤᠯ ᠤᠨ ᠲᠡᠦᠬᠡᠨ ᠳᠡᠭᠡᠷᠡᠬᠢ ᠠᠩᠬᠠᠳᠠᠭᠴᠢ ᠪᠦᠯᠦᠭ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠮᠡᠨᠳᠦᠯᠡᠭᠰᠡᠨ ᠶᠠᠪᠤᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠲᠡᠦᠬᠡᠨ ᠪᠣᠳᠠᠲᠤ ᠶᠠᠪᠤᠳᠠᠯ ᠢ ᠡᠮᠬᠢᠯᠡᠵᠦ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠡᠭᠦᠰᠦᠭᠰᠡᠨ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠶᠢ ᠪᠣᠳᠠᠲᠠᠢ ᠵᠢᠱᠢᠶ᠎ᠡ ᠪᠠᠷ ᠲᠣᠳᠣᠷᠬᠠᠶᠢᠯᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠦᠵᠡᠭᠦᠯᠦᠭᠰᠡᠨ ᠭᠦᠨ ᠵᠤᠵᠠᠭᠠᠨ ᠬᠠᠶᠢᠷ᠎ᠠ ᠬᠠᠯᠠᠮᠵᠢ ᠪᠣᠯᠤᠨ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠣᠯᠤᠨ ᠶᠣᠰᠣ︾᠎ ᠶᠢ ᠰᠤᠷᠤᠯᠴᠠᠬᠤ ᠳᠤ ᠣᠨᠣᠯ ᠤᠨ ᠵᠢᠯᠣᠭᠤᠳᠣᠯᠭ᠎ᠠ ᠪᠣᠯᠤᠨ ᠦᠢᠯᠡᠳᠦᠯᠭᠡ ᠶᠢᠨ ᠰᠡᠩᠬᠡᠷᠡᠭᠦᠯᠦᠯ ᠬᠠᠩᠭᠠᠵᠠᠢ᠃    ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠪᠠᠷ ᠠᠵᠠ ᠲᠣᠬᠢᠶᠠᠯ ᠪᠣᠯᠭᠠᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠣᠯᠤᠨ ᠶᠣᠰᠣ︾᠎ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾᠎ ᠶᠢ ᠶᠡᠬᠡᠪᠡᠷ ᠪᠠᠳᠠᠷᠠᠭᠤᠯᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾᠎ ᠢ ᠰᠠᠶᠢᠲᠤᠷ ᠨᠠᠶᠢᠳᠠᠪᠤᠷᠢᠵᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃    ᠬᠤᠰᠢᠭᠤ ᠳᠡᠰ ᠤᠨ ᠤᠳᠤᠷᠢᠳᠬᠤ ᠺᠠᠳ᠋ᠷ᠂ ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠦᠬᠦ ᠪᠠᠭᠰᠢ ᠨᠠᠷ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤᠨ ᠤ ᠰᠠᠯᠠᠭᠠᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号