ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ︽ᠵᠠᠬᠢᠶᠠᠯᠠᠭ᠎ᠠ ᠶᠢᠨ ᠮᠠᠶ᠋ᠢᠭ︾᠎ ᠤᠨ ᠵᠢᠭᠠᠨ ᠰᠤᠷᠭᠠᠯᠲᠠ ᠶᠢᠨ ᠠᠵᠢᠭᠯᠠᠯᠲᠠ ᠪᠠᠷ ᠪᠠᠶᠠᠨᠬᠤᠰᠢᠭᠤ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/4/16
   ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠵᠦ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠡᠩ ᠤᠨ ᠣᠳᠣᠬᠢ ᠪᠠᠶᠢᠳᠠᠯ᠂ ᠰᠢᠨ᠎ᠡ ᠬᠢᠴᠢᠶᠡᠯ ᠤᠨ ᠪᠠᠷᠢᠮᠵᠢᠶᠠᠲᠤ ᠰᠤᠷᠭᠠᠭᠤᠯᠢ ᠶᠢᠨ ᠳᠡᠪᠲᠡᠷ ᠤᠨ ᠨᠠᠶᠢᠳᠠᠪᠤᠷᠢᠵᠢᠭᠤᠯᠤᠯᠲᠠ᠂ ᠰᠤᠷᠭᠠᠭᠤᠯᠢ ᠶᠢᠨ ᠭᠤᠣᠯ ᠵᠢᠭᠠᠨ ᠰᠤᠷᠭᠠᠯᠲᠠ ᠶᠢᠨ ᠪᠣᠭᠤᠮᠢ ᠶᠢ ᠭᠦᠨᠵᠡᠭᠡᠢ ᠣᠶᠢᠯᠠᠭᠠᠬᠤ ᠶᠢᠨ ᠲᠥᠯᠥᠭᠡ᠂ 4 ᠰᠠᠷ᠎ᠠ ᠶᠢᠨ 8᠎ ᠤ ᠡᠳᠦᠷ ᠠᠴᠠ 4 ᠰᠠᠷ᠎ᠠ ᠶᠢᠨ 10᠎ ᠤ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠮᠠᠨᠳᠤᠯ᠎ᠠ ᠡᠷᠬᠢᠯᠡᠭᠴᠢ ᠰᠤᠳᠤᠯᠤᠨ ᠪᠣᠯᠪᠠᠰᠤᠷᠠᠭᠤᠯᠤᠭᠴᠢ ᠶᠢ ᠳᠠᠭᠠᠭᠤᠯᠤᠨ ᠪᠠᠶᠠᠨᠬᠤᠰᠢᠭᠤ ᠲᠠᠪᠤᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ︽ᠵᠠᠬᠢᠶᠠᠯᠠᠭ᠎ᠠ ᠶᠢᠨ ᠮᠠᠶ᠋ᠢᠭ︾᠎ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠵᠢᠯᠣᠭᠤᠳᠬᠤ ᠠᠵᠢᠯᠯᠠᠭ᠎ᠠ ᠥᠷᠨᠢᠭᠦᠯᠪᠡ᠃ ᠲᠤᠰ ᠤᠳᠠᠭᠠᠨ ᠤ ᠠᠵᠢᠯᠯᠠᠭ᠎ᠠ ᠨᠢ ᠬᠢᠴᠢᠶᠡᠯ ᠤᠨ ᠲᠠᠩᠬᠢᠮ ᠳᠤ ᠭᠦᠨᠵᠡᠭᠡᠶᠢᠷᠡᠨ ᠬᠢᠴᠢᠶᠡᠯ ᠰᠣᠨᠣᠰᠬᠤ᠂ ︽ᠰᠤᠷᠤᠯᠴᠠᠯᠭ᠎ᠠ ᠬᠥᠮᠦᠵᠢᠯ ᠤᠨ ᠦᠨᠡᠯᠡᠯᠲᠡ ᠶᠢᠨ ᠨᠢᠭᠡᠳᠦᠯᠲᠦ ᠴᠢᠨᠠᠷ︾ ᠭᠡᠬᠦ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢᠨ ᠪᠢᠴᠢᠯ ᠲᠠᠶᠢᠯᠤᠮᠵᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠰᠢᠯᠭᠠᠯᠲᠠ ᠳᠤ ᠪᠡᠯᠡᠳᠬᠡᠬᠦ ᠠᠷᠭ᠎ᠠ ᠪᠣᠳᠣᠯᠭ᠎ᠠ ᠶᠢᠨ ᠵᠢᠯᠣᠭᠤᠳᠣᠯᠭ᠎ᠠ᠂ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ ᠬᠤᠷᠠᠯ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠳᠣᠬᠢ ᠪᠠᠶᠢᠳᠠᠯ ᠳᠤ ᠨᠠᠷᠢᠨ ᠣᠨᠣᠪᠴᠢᠲᠠᠢ ᠰᠤᠳᠠᠯ ᠪᠠᠷᠢᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃    ᠬᠢᠴᠢᠶᠡᠯ ᠤᠨ ᠲᠠᠩᠬᠢᠮ ᠪᠣᠯ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠤᠣᠯ ᠵᠢᠭᠰᠠᠭᠠᠯ ᠤᠨ ᠭᠠᠵᠠᠷ ᠮᠥᠨ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠰᠤᠳᠤᠯᠤᠨ ᠰᠤᠷᠭᠠᠭᠴᠢ ᠬᠢᠴᠢᠶᠡᠯ ᠲᠥᠷᠥᠯ ᠬᠤᠪᠢᠶᠠᠨ ᠰᠤᠷᠤᠯᠭ᠎ᠠ ᠶᠢᠨ ᠪᠠᠶᠢᠳᠠᠯ ᠳᠤ ᠰᠠᠭᠤᠷᠢᠯᠠᠨ᠂ ᠬᠢᠴᠢᠶᠡᠯ ᠤᠨ ᠲᠠᠩᠬᠢᠮ ᠳᠤ ᠭᠦᠨᠵᠡᠭᠡᠶᠢᠷᠡᠵᠦ᠂ ᠮᠠᠨ ᠤ ᠰᠤᠷᠭᠠᠭᠤᠯᠢ ᠶᠢᠨ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠰᠠᠭᠤᠨ ᠯᠠᠪᠯᠠᠬᠤ ᠳᠤ ᠰᠤᠳᠠᠯ ᠪᠠᠷᠢᠵᠤ᠂ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ᠂ ᠲᠡᠦᠬᠡ᠂ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ᠂ ᠹᠢᠽᠢᠺ᠂ ᠬᠢᠮᠢ᠂ ᠠᠮᠢᠳᠤ ᠪᠣᠳᠠᠰ᠂ ᠭᠠᠵᠠᠷ ᠵᠦᠢ᠂ ᠪᠡᠶ᠎ᠡ ᠶᠢᠨ ᠲᠠᠮᠢᠷ᠂ ᠳᠠᠭᠤᠤ ᠬᠥᠭᠵᠢᠮ᠂ ᠤᠷᠠᠨ ᠵᠢᠷᠤᠭ᠂ ᠬᠥᠳᠡᠯᠮᠦᠷᠢ ᠶᠢᠨ ᠮᠡᠷᠭᠡᠵᠢᠯ᠂ ᠰᠡᠳᠬᠢᠴᠡ ᠶᠢᠨ ᠡᠷᠡᠭᠦᠯ ᠮᠡᠨᠳᠦ᠂ ᠮᠡᠳᠡᠭᠡ ᠵᠠᠩᠭᠢ ᠶᠢᠨ ᠮᠡᠷᠭᠡᠵᠢᠯ ᠳᠤ ᠨᠡᠶᠢᠲᠡ 15 ᠰᠢᠨᠵᠢᠯᠡᠭᠡᠨ ᠤ ᠰᠠᠯᠠᠭ᠎ᠠ ᠬᠤᠯᠪᠣᠭᠳᠠᠵᠠᠢ᠃    ᠬᠢᠴᠢᠶᠡᠯᠯᠡᠭᠡ ᠳᠠᠭᠤᠰᠤᠭᠰᠠᠨ ᠤ ᠳᠠᠷᠠᠭ᠎ᠠ᠂ ᠰᠤᠳᠤᠯᠤᠨ ᠪᠣᠯᠪᠠᠰᠤᠷᠠᠭᠤᠯᠤᠭᠴᠢᠳ ᠬᠢᠴᠢᠶᠡᠯ ᠰᠣᠨᠣᠰᠴᠤ ᠣᠯᠤᠭᠰᠠᠨ ᠣᠯᠤᠯᠲᠠ᠂ ᠰᠢᠨ᠎ᠡ ᠬᠢᠴᠢᠶᠡᠯ ᠤᠨ ᠬᠠᠷᠠᠯᠲᠠ ᠶᠢᠨ ᠵᠢᠯᠣᠭᠤᠳᠣᠯᠭ᠎ᠠ ᠵᠢᠴᠢ ᠰᠤᠷᠤᠯᠭ᠎ᠠ ᠶᠢᠨ ᠵᠢᠭᠠᠨ ᠰᠤᠷᠭᠠᠯᠲᠠ ᠶᠢᠨ ᠦᠨᠡᠯᠡᠯᠲᠡ ᠶᠢᠨ ᠨᠢᠭᠡᠳᠦᠯᠲᠦ ᠴᠢᠨᠠᠷ ᠤᠨ ᠵᠠᠷᠴᠢᠮ ᠳᠤ ᠲᠦᠰᠢᠭᠯᠡᠨ᠂ ᠬᠢᠴᠢᠶᠡᠯᠯᠡᠬᠦ ᠪᠠᠭᠰᠢ ᠲᠠᠢ ᠬᠢᠴᠢᠶᠡᠯ ᠲᠥᠷᠥᠯ ᠬᠤᠪᠢᠶᠠᠨ ᠭᠦᠨᠵᠡᠭᠡᠢ ᠰᠤᠳᠤᠯᠤᠨ ᠶᠠᠷᠢᠯᠴᠠᠪᠠ᠃ ᠲᠡᠳᠡ ᠬᠢᠴᠢᠶᠡᠯ ᠤᠨ ᠲᠠᠩᠬᠢᠮ ᠢ ᠬᠡᠷᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠨᠢᠮᠪᠠᠢ ᠵᠠᠳᠠᠯᠤᠨ ᠰᠢᠨᠵᠢᠯᠡᠭᠰᠡᠨ ᠪᠥᠭᠡᠳ ᠪᠦᠲᠦᠭᠡᠯᠴᠢ ᠴᠢᠨᠠᠷᠲᠠᠢ ᠦᠨᠡᠯᠡᠯᠲᠡ ᠳᠤᠷᠠᠳᠴᠠᠢ᠃ ᠰᠤᠳᠤᠯᠤᠨ ᠰᠤᠷᠭᠠᠭᠴᠢ ᠪᠠ ᠪᠠᠭᠰᠢ ᠨᠠᠷ ᠪᠠᠰᠠ ᠬᠤᠶᠠᠳᠤᠭᠠᠷ ᠡᠳᠦᠷ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠴᠢᠭᠯᠡᠭᠦᠯᠦᠨ ᠬᠠᠮᠲᠤ ᠪᠠᠷ ᠬᠢᠴᠢᠶᠡᠯ ᠪᠡᠯᠡᠳᠬᠡᠵᠦ᠂ ᠪᠠᠭᠰᠢ ᠨᠢᠭᠡᠪᠦᠷᠢ ᠴᠥᠮ ᠪᠣᠳᠠᠲᠠᠢ ᠪᠥᠭᠡᠳ ᠪᠦᠲᠦᠮᠵᠢᠲᠡᠢ ᠵᠢᠯᠣᠭᠤᠳᠣᠯᠭ᠎ᠠ ᠪᠠ ᠠᠷᠭ᠎ᠠ ᠪᠣᠳᠣᠯᠭ᠎ᠠ ᠣᠯᠬᠤ ᠶᠢ ᠪᠠᠲᠤᠯᠠᠵᠤ᠂ ᠡᠭᠦᠨ ᠤ ᠤᠯᠠᠮ ᠠᠴᠠ ᠵᠢᠭᠠᠨ ᠰᠤᠷᠭᠠᠯᠲᠠ ᠶᠢᠨ ᠶᠠᠰᠤ ᠴᠢᠨᠠᠷ ᠢ ᠰᠢᠯᠢᠳᠡᠭᠵᠢᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号