ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠪᠣᠯᠪᠠᠰᠤᠷᠠᠯ ᠤᠨ ᠮᠠᠲ᠋ᠧᠷᠢᠶᠠᠯ ᠢ ᠪᠦᠬᠦ ᠲᠠᠯ᠎ᠠ ᠪᠠᠷ ᠬᠢᠨᠠᠨ ᠬᠠᠷᠭᠤᠭᠤᠯᠪᠠ
ᠨᠡᠶᠢᠲᠡᠯᠡᠭᠰᠡᠨ ᠴᠠᠭ᠄
2024/4/16
   ︽ᠬᠤᠶᠠᠷ ᠢ ᠪᠠᠭᠠᠰᠬᠠᠬᠤ︾ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠰᠤᠷᠤᠯᠴᠠᠯᠭ᠎ᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢᠨ ᠱᠠᠭᠠᠷᠳᠠᠯᠭ᠎ᠠ ᠶᠣᠰᠣᠭᠠᠷ᠂ ᠪᠦᠬᠦ ᠬᠤᠰᠢᠭᠤᠨ ᠤ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠪᠣᠯᠪᠠᠰᠤᠷᠠᠯ ᠤᠨ ᠮᠠᠲ᠋ᠧᠷᠢᠶᠠᠯ ᠤᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠤᠨ᠎ᠠ᠃ 4 ᠰᠠᠷ᠎ᠠ ᠶᠢᠨ 11᠎ ᠤ ᠡᠳᠦᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯᠪᠠᠰᠤᠷᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠢ ᠵᠣᠬᠢᠶᠠᠨ ᠪᠠᠶᠢᠭᠤᠯᠵᠤ᠂ ᠡᠵᠡᠩᠨᠡᠵᠦ ᠪᠠᠶᠢᠭ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ 24 ᠪᠣᠯᠪᠠᠰᠤᠷᠠᠯ ᠤᠨ ᠮᠠᠲ᠋ᠧᠷᠢᠶᠠᠯ ᠢ ᠪᠦᠬᠦ ᠲᠠᠯ᠎ᠠ ᠪᠠᠷ ᠬᠢᠨᠠᠨ ᠬᠠᠷᠭᠤᠭᠤᠯᠪᠠ᠃    ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠦᠵᠡᠯ ᠰᠠᠨᠠᠭᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠵᠣᠬᠢᠴᠠᠬᠤ ᠴᠢᠨᠠᠷ ᠵᠡᠷᠭᠡ ᠱᠠᠭᠠᠷᠳᠠᠯᠭ᠎ᠠ ᠶᠣᠰᠣᠭᠠᠷ᠂ ᠵᠢᠭᠠᠬᠤ ᠮᠠᠲ᠋ᠧᠷᠢᠶᠠᠯ ᠤᠨ ᠠᠭᠤᠯᠭ᠎ᠠ᠂ ᠬᠡᠪᠯᠡᠯ ᠤᠨ ᠬᠤᠷᠢ᠊ ᠡᠶ᠎ᠡ᠂ ᠵᠢᠭᠢᠷᠢᠭ ᠵᠢᠷᠤᠭ ᠵᠡᠷᠭᠡ ᠲᠠᠯ᠎ᠠ ᠪᠠᠷ 56 ᠪᠣᠯᠪᠠᠰᠤᠷᠠᠯ ᠤᠨ ᠮᠠᠲ᠋ᠧᠷᠢᠶᠠᠯ ᠢ ᠴᠢᠩᠭ᠎ᠠ ᠬᠢᠨᠠᠨ ᠪᠠᠶᠢᠴᠠᠭᠠᠵᠤ ᠂ ᠪᠠᠶᠢᠴᠠᠭᠠᠬᠤ ᠳᠤᠮᠳᠠ 2 ᠪᠣᠯᠪᠠᠰᠤᠷᠠᠯ ᠤᠨ ᠪᠠᠶᠢᠭᠤᠯᠤᠮᠵᠢ ᠶᠢᠨ ᠥᠪᠡᠰᠦᠪᠡᠨ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠠᠬᠢᠨ ᠬᠡᠪᠯᠡᠭᠦᠯᠬᠦ ᠪᠥᠭᠡᠳ ᠲᠡᠭᠦᠯᠳᠡᠷᠵᠢᠭᠦᠯᠬᠦ ᠴᠢᠬᠤᠯᠠᠲᠠᠢ ᠪᠠᠶᠢᠬᠤ ᠶᠢ ᠣᠯᠵᠤ ᠮᠡᠳᠡᠪᠡᠯ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠰᠠᠨᠠᠯ ᠢ ᠴᠠᠭ ᠲᠤᠬᠠᠢ ᠳᠤᠨᠢ ᠬᠢᠨᠠᠨ ᠬᠠᠷᠭᠤᠭᠤᠯᠬᠤ ᠠᠵᠢᠯ ᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠬᠠᠮᠲᠤ ᠳᠤᠨᠢ ᠬᠠᠷᠢᠭᠤ ᠲᠤᠰᠬᠠᠬᠤ ᠶᠢᠨ ᠬᠠᠮᠲᠤ ᠬᠠᠮᠢᠶ᠎ᠠ ᠪᠦᠬᠦᠢ ᠪᠣᠯᠪᠠᠰᠤᠷᠠᠯ ᠤᠨ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠱᠠᠭᠠᠷᠳᠠᠯᠭ᠎ᠠ ᠶᠣᠰᠣᠭᠠᠷ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠯ ᠤᠨ ᠮᠠᠲ᠋ᠧᠷᠢᠶᠠᠯ ᠤᠨ ᠪᠠᠶᠢᠩᠭᠤ ᠶᠢᠨ ᠪᠠᠶᠢᠴᠠᠭᠠᠯᠲᠠ ᠶᠢ ᠴᠢᠩᠭᠠᠳᠬᠠᠵᠤ᠂ ᠪᠣᠯᠪᠠᠰᠤᠷᠠᠭᠤᠯᠤᠯ ᠤᠨ ᠮᠠᠲ᠋ᠧᠷᠢᠶᠠᠯ ᠤᠨ ᠵᠥᠪ ᠣᠨᠣᠪᠴᠢᠲᠠᠢ ᠤᠯᠤᠰ ᠲᠥᠷᠥ ᠶᠢᠨ ᠴᠢᠭᠯᠡᠯ ᠪᠠ ᠥᠷᠲᠡᠭ ᠤᠨ ᠤᠳᠤᠷᠢᠳᠤᠮᠵᠢ ᠶᠢ ᠦᠨᠡᠨ ᠬᠦ ᠪᠠᠲᠤᠯᠠᠵᠤ᠂ ᠣᠯᠠᠨ ᠳᠡᠰ ᠳᠠᠪᠬᠤᠷᠭ᠎ᠠ ᠶᠢᠨ᠂ ᠣᠯᠠᠨ ᠶᠠᠩᠵᠤ ᠶᠢᠨ ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠭᠦᠨ ᠤ ᠬᠠᠮᠲᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠦᠢᠯᠡ ᠠᠵᠢᠯᠯᠠᠭ᠎ᠠ ᠶᠢ ᠦᠨᠡᠨ ᠬᠦ ᠵᠢᠷᠤᠮᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠡᠷᠡᠭᠦᠯ᠂ ᠡᠮᠬᠢ ᠵᠢᠷᠤᠮ ᠲᠠᠢ᠂ ᠵᠢᠷᠤᠮᠵᠢᠯ ᠲᠠᠢ ᠰᠤᠷᠭᠠᠭᠤᠯᠢ ᠡᠷᠬᠢᠯᠡᠬᠦ ᠶᠢ ᠬᠦᠴᠦᠯᠡᠨ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号