ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
   ᠡᠨᠡ ᠵᠢᠯ ᠤᠨ 4 ᠰᠠᠷ᠎ᠠ ᠶᠢᠨ 15᠎ ᠤ ᠡᠳᠦᠷ ᠪᠣᠯ ᠶᠢᠰᠦᠳᠦᠭᠡᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠃ ᠰᠤᠷᠭᠠᠭᠤᠯᠢ ᠪᠣᠯ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠴᠢᠬᠤᠯᠠ ᠵᠢᠭᠰᠠᠭᠠᠯ ᠤᠨ ᠭᠠᠵᠠᠷ ᠮᠥᠨ᠂ ᠰᠤᠷᠤᠭᠴᠢᠳ ᠪᠣᠯ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠵᠠᠩᠭᠢᠯᠠᠭ᠎ᠠ ᠶᠢᠨ ᠬᠠᠮᠲᠤᠯᠢᠭ ᠮᠥᠨ᠃ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠦᠨᠡᠨ ᠬᠦ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽2024 ᠣᠨ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠪᠦᠬᠦ ᠬᠤᠰᠢᠭᠤᠨ ᠤ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠵᠤ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠬᠦ ᠪᠠᠷ 10 ᠵᠢᠯ ᠤᠨ ᠣᠢ ᠶᠢ ᠬᠥᠲᠥᠯᠥᠨ ᠳᠠᠭᠠᠭᠤᠯᠬᠤ︾᠎ ᠪᠠᠷ ᠭᠤᠣᠯ ᠰᠡᠳᠦᠪ ᠪᠣᠯᠭᠠᠵᠤ᠂ ᠡᠯᠪᠡᠭ ᠪᠠᠶᠠᠯᠢᠭ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠤᠯᠤᠰ ᠤᠨ ᠠᠮᠤᠷ ᠲᠦᠪᠰᠢᠨ ᠢ ᠬᠠᠯᠠᠮᠵᠢᠯᠠᠬᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠪᠠᠭᠰᠢ ᠰᠤᠷᠤᠭᠴᠢᠳ ᠤᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠠᠵᠢᠯᠯᠠᠭᠠᠨ ᠤ ᠤᠬᠠᠮᠰᠠᠷ ᠪᠣᠯᠭᠠᠪᠠ᠃    ᠠᠵᠢᠯᠯᠠᠭ᠎ᠠ ᠶᠢᠨ ᠬᠤᠭᠤᠴᠠᠭᠠᠨ ᠳᠤ᠂ ᠪᠦᠬᠦ ᠬᠤᠰᠢᠭᠤᠨ ᠤ ᠡᠯ᠎ᠡ ᠰᠤᠷᠭᠠᠭᠤᠯᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠨᠢᠮᠪᠠᠢ ᠪᠡᠯᠡᠳᠬᠡᠵᠦ᠂ ᠨᠠᠷᠢᠨ ᠨᠢᠮᠪᠠᠢ ᠲᠣᠬᠢᠷᠠᠭᠤᠯᠤᠨ᠂ ᠲᠤᠭ ᠮᠠᠨᠳᠤᠭᠤᠯᠬᠤ ᠶᠣᠰᠣᠯᠠᠯ ᠶᠠᠪᠤᠭᠤᠯᠬᠤ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠹᠢᠯᠢᠮ ᠢ ᠦᠵᠡᠬᠦ᠂ ᠭᠤᠣᠯ ᠰᠡᠳᠦᠪᠲᠦ ᠠᠩᠭᠢ ᠶᠢᠨ ᠬᠤᠷᠠᠯ ᠬᠢᠬᠦ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠪᠠᠶᠠᠯᠢᠭ ᠰᠠᠶᠢᠬᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠂ ᠪᠦᠬᠦ ᠠᠷᠠᠳ ᠢᠶᠠᠷ ᠢᠶᠠᠨ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠴᠣᠭᠴᠠᠯᠠᠬᠤ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠢ ᠪᠣᠯᠭᠠᠪᠠ᠃    ᠲᠠᠯ᠎ᠠ ᠬᠡᠦᠬᠡᠳ ᠤᠨ ᠴᠡᠴᠡᠷᠯᠢᠭ᠂ ᠪᠠᠶᠠᠨᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ᠂ ᠪᠠᠶᠠᠨᠬᠤᠰᠢᠭᠤ ᠵᠢᠷᠭᠤᠳᠤᠭᠠᠷ ᠳᠤᠮᠳᠠᠳᠤ ᠰᠤᠷᠭᠠᠭᠤᠯᠢ ︽ᠭᠠᠯ ᠢ ᠰᠡᠷᠭᠡᠶᠢᠯᠡᠬᠦ ᠪᠠᠴᠢᠮ ᠲᠠᠷᠬᠠᠭᠠᠬᠤ ᠰᠣᠷᠢᠯᠲᠠ︾᠎ ᠶᠢ ᠥᠷᠨᠢᠭᠦᠯᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠵᠢᠴᠢ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ᠂ ᠪᠠᠶᠠᠨᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ᠂ ᠳᠥᠷᠥᠯᠵᠢ ᠭᠤᠣᠯ ᠰᠤᠷᠭᠠᠭᠤᠯᠢ ᠬᠠᠤᠯᠢ ᠪᠠᠷ ᠵᠠᠰᠠᠬᠤ ᠳᠡᠳ᠋ ᠵᠠᠬᠢᠷᠤᠯ ᠢ ᠤᠷᠢᠵᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ᠂ ᠰᠦᠯᠵᠢᠶᠡᠨ ᠤ ᠰᠢᠨᠤᠬᠠᠶᠢᠷᠠᠯ ᠢ ᠰᠡᠷᠭᠡᠶᠢᠯᠡᠬᠦ᠂ ᠬᠤᠣᠷ ᠰᠡᠷᠭᠡᠶᠢᠯᠡᠬᠦ ᠡᠳ᠋ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠪᠠᠶᠠᠨᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ᠂ ᠭᠤᠣᠯ ᠤᠨ ᠪᠠᠶᠢᠰᠢᠩ ᠪᠠᠭ᠎ᠠ ᠰᠤᠷᠭᠠᠭᠤᠯᠢ᠂ ᠰᠢᠨ ᠵᠢᠶᠠ ᠮᠦ ᠭᠤᠣᠯ ᠰᠤᠷᠭᠠᠭᠤᠯᠢ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ︽ᠰᠦᠷᠳᠡᠭᠦᠯᠦᠯ ᠢ ᠡᠰᠡᠷᠭᠦᠴᠡᠵᠦ ᠬᠦᠴᠦᠷᠬᠡᠭᠯᠡᠯ ᠢ ᠰᠡᠷᠭᠡᠶᠢᠯᠡᠬᠦ ᠰᠣᠷᠢᠯᠲᠠ︾᠎ ᠶᠢ ᠥᠷᠨᠢᠭᠦᠯᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠵᠤ ᠮᠡᠳᠡᠬᠦ᠂ ᠢᠯᠭᠠᠨ ᠲᠠᠨᠢᠵᠤ ᠳᠡᠶᠢᠯᠬᠦ᠂ ᠠᠶᠤᠯ ᠠᠴᠠ ᠵᠠᠶᠢᠯᠠᠵᠤ ᠳᠡᠶᠢᠯᠬᠦ᠂ ᠥᠪᠡᠷ ᠢ ᠪᠠᠨ ᠠᠪᠤᠷᠠᠬᠤ ᠶᠢ ᠪᠡᠶᠡᠯᠡᠭᠦᠯᠪᠡ᠃ ᠲᠤᠰ ᠤᠳᠠᠭᠠᠨ ᠤ ᠠᠵᠢᠯᠯᠠᠭ᠎ᠠ ᠳᠤ 28000 ᠭᠠᠷᠤᠢ ᠪᠠᠭᠰᠢ ᠰᠤᠷᠤᠭᠴᠢᠳ ᠲᠤ ᠠᠰᠢᠭ ᠬᠦᠷᠲᠡᠭᠡᠪᠡ᠃  
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号