ᠪᠠᠶᠠᠨᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ ︽ᠡᠷᠡᠭᠦᠯ ᠮᠡᠨᠳᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠵᠠᠰᠠᠮᠠᠯ ᠵᠠᠮ ᠤᠨ ᠬᠡᠭᠡᠷᠡᠯᠡᠨ ᠠᠶᠠᠯᠠᠬᠤ ᠤᠷᠤᠯᠳᠤᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
   ᠰᠤᠷᠭᠠᠭᠤᠯᠢ ᠶᠢᠨ ᠨᠡᠷᠡᠨ ᠭᠡᠷᠡᠯᠲᠦ ᠪᠡᠶ᠎ᠡ ᠶᠢᠨ ᠲᠠᠮᠢᠷ ᠤᠨ ᠬᠥᠳᠡᠯᠭᠡᠭᠡᠨ ᠪᠠ ᠬᠡᠪ ᠴᠢᠨᠠᠷ ᠤᠨ ᠰᠤᠷᠭᠠᠨ ᠬᠥᠮᠦᠵᠢᠯ ᠢ ᠤᠯᠠᠮ ᠨᠢᠭᠡ ᠠᠯᠬᠤᠮ ᠠᠬᠢᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠰᠤᠷᠤᠭᠴᠢᠳ ᠤᠨ ᠰᠠᠶᠢᠨ ᠰᠠᠶᠢᠬᠠᠨ ᠲᠠᠮᠢᠷ ᠤᠨ ᠳᠠᠳᠬᠠᠯ ᠢ ᠬᠥᠮᠦᠵᠢᠭᠦᠯᠵᠦ᠂ ᠰᠤᠷᠤᠭᠴᠢᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠴᠢᠩᠭᠠᠷᠠᠭᠤᠯᠬᠤ ᠶᠢᠨ ᠲᠥᠯᠥᠭᠡ᠂ ᠪᠠᠶᠠᠨᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ 4 ᠰᠠᠷ᠎ᠠ ᠶᠢᠨ 12᠎ ᠤᠨ ᠡᠳᠦᠷ ᠤᠨ ᠦᠳᠡ ᠶᠢᠨ ᠬᠤᠶᠢᠨ᠎ᠠ ︽ᠡᠷᠡᠭᠦᠯ ᠴᠢᠭᠢᠷᠠᠭ ᠰᠤᠷᠭᠠᠭᠤᠯᠢ ᠶᠢᠨ ᠬᠦᠷᠢᠶᠡᠨ ᠳᠤ ᠣᠷᠣᠬᠤ︾ ᠬᠠᠪᠤᠷ ᠤᠨ ᠤᠯᠠᠷᠢᠯ ᠤᠨ ᠵᠠᠰᠠᠮᠠᠯ ᠵᠠᠮ ᠤᠨ ᠬᠡᠭᠡᠷᠯᠡᠬᠦ ᠤᠷᠤᠯᠳᠤᠭᠠᠨ ᠶᠠᠪᠤᠭᠤᠯᠪᠠ᠃    ᠣᠯᠠᠨ ᠢᠶᠠᠷ ᠢᠶᠠᠨ ᠡᠬᠢᠯᠡᠯᠲᠡ ᠶᠢᠨ ᠱᠤᠭᠤᠮ ᠳᠡᠭᠡᠷ᠎ᠡ ᠬᠤᠷᠠᠮ ᠦᠭᠡᠢ ᠰᠦᠷ ᠳᠠᠯᠠᠶᠢᠴᠠᠲᠠᠢ᠂ ᠫᠤᠤ ᠳᠤᠤᠭᠠᠷᠬᠤ ᠶᠢ ᠳᠠᠭᠠᠯᠳᠤᠨ᠂ ᠰᠤᠷᠤᠭᠴᠢᠳ ᠵᠠᠪᠠᠯ ᠢᠯᠠᠬᠤ ᠢᠲᠡᠭᠡᠯ ᠵᠣᠷᠢᠭ ᠢ ᠡᠪᠦᠷᠯᠡᠨ ᠤᠷᠤᠯᠳᠤᠭᠠᠨ ᠤ ᠲᠠᠯᠠᠪᠤᠷ ᠠᠴᠠ ᠭᠠᠷᠴᠤ᠂ ᠢᠳᠡᠷᠡᠭᠦᠨ ᠠᠯᠬᠤᠭ᠎ᠠ᠂ ᠰᠢᠨᠲᠠᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠪᠠᠷ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠯᠳᠦᠭᠦᠯᠵᠡᠢ᠃    ᠬᠥᠯ ᠠᠴᠠ ᠬᠤᠯᠠ ᠤᠷᠲᠤ ᠵᠠᠮ ᠪᠠᠶᠢᠬᠤ ᠦᠭᠡᠢ᠂ ᠬᠥᠮᠦᠨ ᠠᠴᠠ ᠬᠤᠯᠠ ᠥᠨᠳᠥᠷ ᠠᠭᠤᠯᠠ ᠪᠠᠶᠢᠬᠤ ᠦᠭᠡᠢ᠃ ᠴᠢᠷᠮᠠᠢ︕ ᠰᠢᠨᠲᠠᠷᠠᠰᠢ ᠦᠭᠡᠢ ᠬᠠᠳᠠᠨ ᠵᠣᠷᠢᠭ ᠢᠶᠠᠷ᠂ ᠲᠡᠭᠦᠰᠬᠡᠯ ᠤᠨ ᠠᠯᠠᠭ᠎ᠠ ᠲᠠᠰᠢᠯᠲᠠ ᠶᠢ ᠤᠭᠲᠤᠬᠤ ᠪᠠᠷ ᠣᠴᠢᠭᠰᠠᠨ ᠨᠢ ᠲᠠ ᠨᠠᠷ ᠤᠨ ᠮᠡᠳᠡᠯ ᠳᠤ ᠪᠠᠶᠢᠨ᠎ᠠ᠃    ᠲᠤᠰ ᠤᠳᠠᠭᠠᠨ ᠤ ᠬᠡᠭᠡᠷᠡᠯᠡᠨ ᠭᠦᠶᠦᠬᠦ ᠤᠷᠤᠯᠳᠤᠭᠠᠨ ᠳᠤ᠂ ᠭᠡᠷ ᠤᠨ ᠠᠬᠠᠮᠠᠳ ᠰᠤᠷᠭᠠᠭᠤᠯᠢ ᠳᠤ ᠮᠠᠰᠢ ᠶᠡᠭᠡ ᠳᠡᠮᠵᠢᠯᠭᠡ ᠦᠵᠡᠭᠦᠯᠵᠦ᠂ ᠢᠳᠡᠪᠬᠢᠲᠡᠢ ᠪᠠᠷ ᠰᠠᠶᠢᠨ ᠳᠤᠷ᠎ᠠ ᠶᠢᠨ ᠦᠢᠯᠡᠴᠢᠯᠡᠭᠴᠢ᠂ ᠬᠥᠭᠵᠢᠶᠡᠨᠲᠡᠢ ᠨᠡᠷ᠎ᠡ ᠮᠡᠳᠡᠭᠦᠯᠵᠡᠢ᠃ ᠮᠤᠷᠤᠢ ᠰᠠᠷᠤᠢ ᠤᠷᠤᠯᠳᠤᠭᠠᠨ ᠤ ᠵᠠᠮ ᠳᠡᠭᠡᠷ᠎ᠡ᠂ ᠬᠡᠦᠬᠡᠳ ᠤᠨ ᠢᠶᠠᠨ ᠠᠮᠤᠷ ᠲᠦᠪᠰᠢᠨ ᠢ ᠪᠠᠲᠤ ᠰᠠᠬᠢᠵᠤ᠂ ᠬᠡᠦᠬᠡᠳ ᠤᠨ ᠢᠶᠠᠨ ᠲᠥᠯᠥᠭᠡ ᠡᠷᠴᠢ ᠵᠣᠷᠢᠭ ᠢᠶᠠᠨ ᠬᠥᠪᠴᠢᠯᠡᠪᠡ᠃ ᠡᠮᠬᠢ ᠳᠢᠭᠯᠢᠮ ᠢ ᠬᠠᠮᠠᠭᠠᠯᠠᠬᠤ ᠪᠠᠭᠰᠢ ᠨᠠᠷ ᠥᠪᠡᠷ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠰᠤᠷᠤᠭᠴᠢ ᠨᠢᠭᠡᠪᠦᠷᠢ᠂ ᠲᠠᠯᠠᠪᠤᠷ ᠨᠢᠭᠡᠪᠦᠷᠢ᠂ ᠵᠢᠷᠤᠭ ᠨᠢᠭᠡᠪᠦᠷᠢ ᠨᠢ ᠴᠥᠮ ᠬᠠᠯᠠᠭᠤᠨ ᠳᠤᠯᠠᠭᠠᠨ ᠪᠠᠷ᠎ᠠ ᠪᠣᠯᠵᠣ ᠪᠠᠶᠢᠯ᠎ᠠ᠃    ᠬᠠᠪᠤᠷ ᠤᠨ ᠰᠠᠯᠬᠢ ᠲᠠᠢ ᠨᠢᠭᠡ ᠵᠡᠮ ᠬᠠᠮᠲᠤ ᠠᠶᠠᠯᠠᠵᠤ᠂ ᠬᠦᠰᠡᠯ ᠵᠡᠭᠦᠳᠦ ᠲᠠᠢ ᠬᠠᠮᠲᠤ ᠭᠦᠶᠦᠪᠡ᠃ ᠲᠤᠰ ᠤᠳᠠᠭᠠᠨ ᠤ ᠬᠠᠪᠤᠷ ᠤᠨ ᠤᠯᠠᠷᠢᠯ ᠤᠨ ᠬᠡᠭᠡᠷᠡᠯᠡᠨ ᠠᠶᠠᠯᠠᠬᠤ ᠤᠷᠤᠯᠳᠤᠭᠠᠨ ᠪᠣᠯ ᠰᠤᠷᠤᠭᠴᠢᠳ ᠤᠨ ᠪᠡᠶ᠎ᠡ ᠮᠠᠬᠠᠪᠣᠳ ᠤᠨ ᠬᠡᠪ ᠴᠢᠨᠠᠷ ᠤᠨ ᠰᠢᠯᠭᠠᠯᠲᠠ ᠮᠥᠨ᠂ ᠪᠠᠰᠠ ᠴᠤ ᠵᠣᠷᠢᠭ ᠰᠠᠨᠠᠭ᠎ᠠ ᠪᠠ ᠳᠠᠭᠠᠭᠠᠮᠠᠯ ᠤᠨ ᠰᠢᠯᠭᠠᠯᠲᠠ ᠮᠥᠨ᠂ ᠰᠤᠷᠤᠭᠴᠢᠳ ᠤᠨ ᠲᠠᠮᠢᠷ ᠤᠨ ᠬᠥᠳᠡᠯᠭᠡᠭᠡᠨ ᠤ ᠤᠷᠮ᠎ᠠ ᠪᠠᠬ᠎ᠠ ᠶᠢ ᠬᠥᠭᠵᠢᠭᠡᠵᠦ᠂ ᠰᠤᠷᠤᠭᠴᠢᠳ ᠤᠨ ᠲᠠᠮᠢᠷ ᠤᠨ ᠬᠥᠳᠡᠯᠭᠡᠭᠡᠨ ᠤ ᠥᠷᠨᠢᠯᠲᠡ ᠶᠢ ᠠᠬᠢᠭᠤᠯᠵᠠᠶ᠃ ᠰᠤᠷᠤᠭᠴᠢᠳ ᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠪᠠᠶᠠᠷ ᠪᠠᠭ᠋ᠠᠳᠤᠯ ᠢ ᠡᠳ᠋ᠯᠡᠭᠦᠯᠵᠦ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠵᠣᠷᠢᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠪᠠᠶᠠᠨᠬᠤᠰᠢᠭᠤ ᠶᠢᠨ ᠲᠠᠪᠤᠳᠤᠭᠠᠷ ᠪᠠᠭ᠎ᠠ ᠰᠤᠷᠭᠠᠭᠤᠯᠢ ᠶᠢᠨ ᠨᠠᠷᠠᠨ ᠤ ᠪᠡᠶ᠎ᠡ ᠶᠢᠨ ᠲᠠᠮᠢᠷ ᠢ ᠤᠯᠠᠮ ᠨᠢᠭᠡ ᠠᠯᠬᠤᠮ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾᠎ ᠶᠢ ᠭᠦᠨᠵᠡᠭᠡᠢ ᠨᠠᠶᠢᠳᠠᠪᠤᠷᠢᠵᠢᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号