ᠪᠠᠶᠠᠨᠬᠤᠰᠢᠭᠤ ᠪᠠᠯᠭᠠᠰᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
   2024 ᠤᠨ ᠪᠣᠯ ᠶᠡᠷᠦᠩᠬᠡᠢ ᠱᠦᠵᠢ ᠰᠢ ᠶᠢᠨ ᠫᠢᠩ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠳᠤᠷᠠᠳᠤᠭᠰᠠᠨ 10 ᠵᠢᠯ ᠤᠨ ᠣᠢ ᠪᠣᠯᠤᠨ᠎ᠠ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠣᠯᠤᠨ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠶᠢᠨ ᠲᠥᠯᠥᠭᠡ ᠶᠤᠮ᠃ ᠣᠶᠢᠷ᠎ᠠ ᠳᠤ᠂ ᠪᠠᠶᠠᠨᠬᠤᠰᠢᠭᠤ ᠪᠠᠯᠭᠠᠰᠤ ︽ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠰᠢᠨ᠎ᠡ ᠶᠢ ᠡᠭᠦᠳᠬᠦ︾ ᠤᠬᠠᠭᠤᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯ᠎ᠡ ᠵᠦᠢᠯ ᠤᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠪᠠᠶᠠᠨᠬᠤᠰᠢᠭᠤ ᠪᠠᠯᠭᠠᠰᠤ ︽4 · 15︾ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠣᠯ ᠰᠡᠳᠦᠪᠲᠦ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠪᠠᠶᠢᠭᠤᠯᠭ᠎ᠠ ᠶᠢᠨ ᠺᠠᠳ᠋ᠷᠴᠤᠳ ᠤᠨ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠶᠢ ᠰᠡᠷᠭᠡᠶᠢᠯᠡᠬᠦ ᠪᠠ ᠡᠰᠡᠷᠭᠦᠴᠡᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠠᠮᠤᠷ ᠲᠦᠪᠰᠢᠨ ᠢ ᠬᠠᠮᠠᠭᠠᠯᠠᠨ᠎ᠠ᠃    ᠪᠠᠯᠭᠠᠰᠤᠨ ᠤ ᠠᠮᠤᠷ ᠲᠦᠪᠰᠢᠨ ᠤ ᠠᠯᠪᠠᠨ ᠭᠡᠷ᠂ ᠬᠠᠤᠯᠢ ᠴᠠᠭᠠᠵᠠ ᠶᠢᠨ ᠭᠠᠵᠠᠷ ᠡᠷᠦᠬᠡ ᠳᠤ ᠣᠷᠣᠵᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠤᠯᠤᠰ ᠤᠨ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠦᠨ᠂ ᠬᠠᠷᠢᠶᠠᠲᠤ ᠣᠷᠣᠨ ᠤ ᠲᠣᠰᠬᠤᠨ ᠤ ᠠᠷᠠᠳ ᠤᠨ ᠦᠵᠡᠯ ᠰᠠᠨᠠᠭ᠎ᠠ ᠲᠠᠨᠢᠯᠲᠠ ᠪᠠ ᠠᠵᠢᠯᠯᠠᠭᠠᠨ ᠤ ᠤᠬᠠᠮᠰᠠᠷ ᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠬᠥᠮᠦᠰ ᠤᠨ ᠰᠡᠳᠬᠢᠯ ᠳᠤ ᠦᠨᠡᠨ ᠬᠦ ᠬᠠᠳᠠᠩᠰᠢᠭᠤᠯᠪᠠ᠃ ᠡᠭᠦᠨ ᠤ ᠬᠠᠮᠲᠤ᠂ ᠣᠯᠠᠨ ᠨᠡᠶᠢᠲᠡ ᠶᠢᠨ ᠳ᠋ᠤᠭᠠᠷ᠂ ᠭᠠᠴᠠᠭ᠎ᠠ ᠲᠣᠰᠬᠤᠨ ᠤ ᠠᠷᠠᠳ ᠤᠨ ᠸᠢᠴᠠᠲ ᠤᠨ ᠬᠤᠯᠪᠣᠭ᠎ᠠ᠂ ᠳᠡᠯᠭᠡᠴᠡ ᠪᠠᠷ ᠤᠬᠠᠭᠤᠯᠭ᠎ᠠ ᠶᠢᠨ ᠤᠷᠢᠶ᠎ᠠ ᠯᠣᠽᠦ᠋ᠩ ᠢ ᠠᠰᠢᠭᠯᠠᠨ ᠤᠯᠤᠰ ᠤᠨ ᠠᠮᠤᠷ ᠲᠦᠪᠰᠢᠨ ᠤ ᠬᠥᠮᠦᠵᠢᠯ ᠰᠤᠷᠤᠯᠴᠠᠯᠭ᠎ᠠ ᠶᠢᠨ ᠠᠭᠤᠯᠭ᠎ᠠ ᠶᠢ ᠳᠠᠮᠵᠢᠭᠤᠯᠤᠨ ᠬᠦᠷᠭᠡᠵᠦ ᠂ ᠣᠯᠠᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠯᠠᠮᠵᠢᠯᠠᠵᠤ᠂ ᠬᠠᠮᠠᠭᠠᠯᠠᠬᠤ ᠶᠢ ᠬᠥᠲᠥᠯᠥᠨ ᠵᠢᠯᠣᠭᠤᠳᠤᠨ᠎ᠠ᠃    ᠡᠯ᠎ᠡ ᠭᠠᠴᠠᠭ᠎ᠠ ᠶᠢ ᠵᠣᠬᠢᠶᠠᠨ ᠪᠠᠶᠢᠭᠤᠯᠤᠨ ︽ᠤᠯᠤᠰ ᠤᠨ ᠠᠮᠤᠷ ᠲᠦᠪᠰᠢᠨ ᠳᠡᠷᠭᠡᠳᠡ ᠪᠤᠢ︾ ᠭᠡᠬᠦ ᠭᠤᠣᠯ ᠰᠡᠳᠦᠪᠲᠦ ︽ᠤᠯᠤᠰ ᠤᠨ ᠡᠭᠦᠳᠡ︾ ᠶᠢᠨ ᠵᠣᠭᠤᠭᠳᠠᠬᠤ ᠠᠩᠭᠢ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠤᠬᠠᠭᠤᠯᠤᠨ ᠲᠠᠶᠢᠯᠪᠤᠷᠢᠯᠠᠭᠴᠢ ᠤᠯᠤᠰ ᠤᠨ ᠠᠮᠤᠷ ᠲᠦᠪᠰᠢᠨ ᠤ ᠶᠠᠭᠤ ᠪᠠᠷ ᠭᠠᠷᠳᠠᠴᠠ ᠪᠣᠯᠭᠠᠵᠤ᠂ ᠣᠯᠠᠨ ᠳᠤ ᠤᠯᠤᠰ ᠤᠨ ᠠᠮᠤᠷ ᠲᠦᠪᠰᠢᠨ ᠤ ᠪᠣᠳᠠᠲᠠᠢ ᠠᠭᠤᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠨ ᠥᠭᠴᠦ᠂ ᠬᠡᠷᠪᠡ ᠤᠯᠤᠰ ᠤᠨ ᠴᠢᠬᠤᠯᠠ ᠨᠢᠭᠤᠴᠠ ᠶᠢᠨ ᠤᠯᠤᠰ ᠲᠤ ᠤᠴᠠᠷᠠᠭᠤᠯᠤᠭᠰᠠᠨ ᠬᠦᠨᠳᠦ ᠨᠣᠴᠢᠲᠠᠢ ᠬᠤᠣᠷ ᠬᠥᠨᠥᠭᠡᠯ ᠢ ᠵᠠᠳᠠᠷᠠᠭᠤᠯᠵᠤ᠂ ᠮᠠᠯᠴᠢᠨ ᠲᠠᠷᠢᠶᠠᠴᠢᠨ ᠤ ᠤᠯᠤᠰ ᠤᠨ ᠠᠮᠤᠷ ᠲᠦᠪᠰᠢᠨ ᠤ ᠲᠤᠬᠠᠢ ᠨᠠᠩ ᠰᠢᠭᠤᠳ᠂ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠮᠠᠯᠴᠢᠨ ᠲᠠᠷᠢᠶᠠᠴᠢᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠪᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号