ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠠᠵᠢᠯ ᠤᠨ | ᠵᠢᠷᠤᠮᠵᠢᠭᠰᠠᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠵᠢᠷᠤᠮᠵᠢᠭᠤᠯᠤᠯᠲᠠ ᠶᠢᠨ | ᠪᠠᠶᠢᠭᠤᠯᠤᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 12 ᠤᠨ | ᠡᠳᠦᠷ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ | ᠬᠦᠴᠦᠨ ᠬᠤᠶᠠᠷᠰᠤᠮᠤ ᠪᠠᠯᠭᠠᠰᠤᠨ ᠳᠤ ᠭᠦᠨᠵᠡᠭᠡᠶᠢᠷᠡᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ | ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠵᠢᠯᠣᠭᠤᠳᠪᠠ᠃ | ᠪᠠᠶᠢᠴᠠᠭᠠᠬᠤ ᠳᠤᠭᠤᠶᠢᠯᠠᠩ ᠤᠨ ᠬᠢᠨ ᠬᠤᠶᠠᠷᠰᠤᠮᠤ ᠪᠠᠯᠭᠠᠰᠤᠨ ᠤ ᠲᠤᠭ᠎ᠠ ᠪᠦᠷᠢᠳᠬᠡᠯ ᠤᠨ ᠦᠨᠳᠦᠰᠦᠨ | ᠱᠠᠲᠤᠨ ᠤ ᠰᠠᠭᠤᠷᠢ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠲᠤᠭ᠎ᠠ ᠪᠦᠷᠢᠳᠬᠡᠯ ᠤᠨ ᠠᠵᠢᠯᠲᠠᠨ ᠤ | ᠲᠣᠬᠢᠷᠠᠭᠤᠯᠤᠯᠲᠠ᠂ ᠵᠠᠷᠤᠳᠠᠯ ᠤᠨ ᠨᠠᠶᠢᠳᠠᠪᠤᠷᠢᠵᠢᠭᠤᠯᠤᠯᠲᠠ᠂ ᠰᠦᠯᠵᠢᠶᠡᠨ ᠤ ᠪᠠᠶᠢᠭᠤᠯᠤᠯᠲᠠ᠂ ᠮᠡᠳᠡᠭᠦᠯᠦᠯᠲᠡ ᠶᠢᠨ | ᠬᠦᠰᠦᠨᠦᠭᠲᠦ ᠶᠢᠨ ᠡᠬᠡ ᠳᠠᠩᠰᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠵᠡᠷᠭᠡ ᠶᠢ ᠬᠢᠨᠠᠨ ᠵᠢᠯᠣᠭᠤᠳᠴᠤ | ᠪᠠᠶᠢᠴᠠᠭᠠᠵᠤ᠂ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠠᠵᠢᠯ ᠤᠨ ᠳᠤᠮᠳᠠᠬᠢ ︽ᠬᠤᠶᠠᠷ ᠠᠵᠢᠯᠲᠠᠨ︾ ᠢ | ᠰᠣᠩᠭᠤᠨ ᠤᠷᠢᠬᠤ᠂ ᠤᠬᠠᠭᠤᠯᠬᠤ᠂ ᠪᠣᠯᠪᠠᠰᠤᠷᠠᠭᠤᠯᠬᠤ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ | ᠳᠠᠷᠠᠭ᠎ᠠ ᠨᠢ᠂ ᠪᠠᠶᠢᠴᠠᠭᠠᠬᠤ ᠳᠤᠭᠤᠶᠢᠯᠠᠩ ᠤᠨ ᠬᠢᠨ ᠵᠤᠤ ᠱᠠ ᠭᠠᠴᠠᠭ᠎ᠠ᠂ ᠵᠡᠭᠦᠨ ᠪᠠᠶᠠᠨᠲᠣᠬᠤᠢ ᠭᠠᠴᠠᠭ᠎ᠠ᠂ | ᠴᠠᠭᠠᠨᠳᠣᠪᠤ ᠭᠠᠴᠠᠭ᠎ᠠ᠂ ᠬᠤᠶᠠᠷᠦᠨᠳᠦᠷ ᠭᠠᠴᠠᠭ᠎ᠠ ᠵᠡᠷᠭᠡ 5 ᠭᠠᠴᠠᠭ᠎ᠠ ᠳᠤ ᠬᠦᠷᠴᠦ᠂ ᠬᠠᠷᠢᠭᠤ ᠮᠡᠳᠡᠭᠦᠯᠦᠯᠲᠡ ᠶᠢ | ᠰᠣᠨᠣᠰᠬᠤ᠂ ᠲᠤᠬᠠᠢ ᠶᠢᠨ ᠲᠠᠯᠠᠪᠠᠢ ᠳᠤ ᠡᠬᠡ ᠳᠠᠩᠰᠠ ᠶᠢ ᠪᠠᠶᠢᠴᠠᠭᠠᠨ ᠦᠵᠡᠬᠦ᠂ ᠡᠷᠦᠬᠡ ᠳᠤ ᠣᠷᠣᠵᠤ ᠲᠤᠭ᠎ᠠ | ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠲᠤᠭ᠎ᠠ | ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠡᠬᠡ ᠳᠠᠩᠰᠠ ᠶᠢᠨ ᠨᠢᠭᠡᠳᠦᠯᠲᠦ ᠴᠢᠨᠠᠷ ᠢ ᠬᠢᠨᠠᠨ | ᠪᠠᠶᠢᠴᠠᠭᠠᠬᠤ ᠶᠢᠨ ᠬᠠᠮᠲᠤ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠪᠣᠳᠠᠲᠠᠢ ᠠᠰᠠᠭᠤᠳᠠᠯ ᠳᠤ ᠴᠢᠭᠯᠡᠭᠦᠯᠦᠨ | ᠲᠤᠬᠠᠢ ᠶᠢᠨ ᠲᠠᠯᠠᠪᠠᠢ ᠳᠤ ᠬᠠᠷᠢᠭᠤ ᠲᠤᠰᠬᠠᠵᠤ ᠵᠢᠭᠠᠨ ᠵᠢᠯᠣᠭᠤᠳᠪᠠ᠃ | ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠲᠤᠰ ᠤᠳᠠᠭᠠᠨ ᠤ ᠪᠠᠶᠢᠴᠠᠭᠠᠨ ᠵᠢᠯᠣᠭᠤᠳᠬᠤ ᠪᠠᠷ ᠠᠵᠠ | ᠲᠣᠬᠢᠶᠠᠯ ᠪᠣᠯᠭᠠᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ︽ᠨᠠᠢᠮᠠ ᠶᠢ ᠨᠠᠢᠮᠠᠵᠢᠭᠤᠯᠬᠤ︾ | ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠲᠤᠭ᠎ᠠ | ᠪᠦᠷᠢᠳᠬᠡᠯ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠭᠢᠯᠠᠰ ᠴᠡᠭ ᠤᠨ ᠠᠵᠢᠯ ᠢ ᠭᠦᠢᠴᠡᠳ ᠠᠭᠤᠳᠠᠯᠤᠨ᠎ᠠ | ᠃ | |