ᠬᠤᠶᠠᠷᠰᠤᠮᠤ ᠪᠠᠯᠭᠠᠰᠤ ︽ᠡᠷᠡᠭᠦᠯ ᠡᠩᠬᠡ ᠬᠤᠲᠠ ᠪᠠᠯᠭᠠᠰᠤᠨ ᠤ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ︾ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/16
   2024 ᠣᠨ ᠤ 4 ᠰᠠᠷ᠎ᠠ ᠪᠣᠯ ᠪᠦᠬᠦ ᠤᠯᠤᠰ ᠤᠨ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠣᠯᠤᠨ᠎ᠠ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠬᠦ ᠶᠢᠨ ᠲᠥᠯᠥᠭᠡ᠂ 4 ᠰᠠᠷ᠎ᠠ ᠶᠢᠨ 11 ᠤ ᠡᠳᠦᠷ᠂ ᠬᠤᠶᠠᠷᠰᠤᠮᠤ ᠪᠠᠯᠭᠠᠰᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠤᠷᠢᠶᠠᠨ ᠤ ᠠᠯᠪᠠᠨ ᠭᠡᠷ ᠶᠣᠣ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢ᠊ ᠡᠶ᠎ᠡ ᠲᠠᠢ ᠬᠠᠮᠲᠤᠷᠠᠨ ︽ᠡᠷᠡᠭᠦᠯ ᠡᠩᠬᠡ ᠬᠤᠲᠠ ᠪᠠᠯᠭᠠᠰᠤᠨ ᠤ ᠡᠷᠡᠭᠦᠯ ᠮᠡᠨᠳᠦ ᠶᠢᠨ ᠬᠦᠨᠳᠦ︾ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠠᠰᠠᠭᠤᠨ ᠯᠠᠪᠯᠠᠬᠤ ᠲᠠᠪᠴᠠᠩ ᠭᠠᠷᠭᠠᠵᠤ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ ᠶᠢ ᠬᠡᠮᠵᠢᠨ ᠪᠡᠶ᠎ᠡ ᠶᠢᠨ ᠬᠦᠨᠳᠦ ᠶᠢ ᠨᠢ ᠬᠡᠮᠵᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠡᠷᠡᠭᠦᠯ ᠮᠡᠨᠳᠦ ᠶᠢᠨ ᠬᠥᠮᠦᠵᠢᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠣᠯᠠᠨ ᠢᠶᠠᠷ ᠢᠶᠠᠨ ᠲᠤᠰ ᠪᠡᠶ᠎ᠡ ᠶᠢᠨ ᠪᠡᠶ᠎ᠡ ᠶᠢᠨ ᠬᠢᠨᠢ ᠬᠤᠪᠢᠷᠠᠯᠲᠠ ᠶᠢ ᠠᠩᠬᠠᠷᠴᠤ᠂ ᠢᠳᠡᠭᠡᠨ ᠤᠮᠳᠠᠭᠠᠨ ᠢᠶᠠᠨ ᠰᠠᠨᠠᠭᠠᠴᠢᠯᠠᠭ᠎ᠠ ᠠᠴᠠ ᠪᠠᠨ ᠲᠣᠬᠢᠷᠠᠭᠤᠯᠵᠤ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠪᠣᠢ ᠪᠣᠯᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠠᠮᠢᠳᠤᠷᠠᠯ ᠳᠤ ᠠᠭᠤᠰᠤᠯᠴᠠᠭᠤᠯᠵᠤ᠂ ᠥᠪᠡᠷ ᠤᠨ ᠡᠷᠡᠭᠦᠯ ᠮᠡᠨᠳᠦ ᠶᠢᠨ ︽ᠬᠠᠮᠠᠭᠠᠯᠠᠭᠴᠢ︾ ᠪᠣᠯᠬᠤ ᠶᠢ ᠤᠷᠢᠶᠠᠯᠠᠪᠠ᠃    ᠳᠠᠷᠠᠭᠠᠴᠢ ᠶᠢᠨ ᠠᠯᠬᠤᠮ ᠳᠤ᠂ ᠬᠤᠶᠠᠷ ᠰᠤᠮᠤ ᠪᠠᠯᠭᠠᠰᠤ ᠦᠷᠭᠦᠯᠵᠢᠯᠡᠨ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠲᠦᠮᠡᠨ ᠤ ᠪᠠᠴᠢᠮ ᠬᠡᠷᠡᠭᠴᠡᠭᠡ ᠶᠢ ᠣᠨᠣᠪᠴᠢᠲᠠᠢ ᠣᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠲᠠᠢ ᠨᠢᠭᠲᠠ ᠤᠶᠠᠯᠳᠤᠭᠤᠯᠵᠤ᠂ ᠪᠦᠬᠦ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠪᠦᠬᠦ ᠲᠠᠯ᠎ᠠ ᠪᠠᠷ ᠴᠢᠩᠭᠠᠳᠬᠠᠨ᠎ᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号