ᠪᠠᠶᠠᠨᠬᠤᠰᠢᠭᠤ ᠪᠠᠯᠭᠠᠰᠤ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠰᠡᠳᠬᠢᠯ ᠲᠠᠯᠪᠢᠨ ᠬᠦᠴᠦᠯᠡᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/4/16
    4 ᠰᠠᠷ᠎ᠠ ᠶᠢᠨ 12 ᠤᠨ ᠡᠳᠦᠷ᠂ ᠪᠠᠶᠠᠨᠬᠤᠰᠢᠭᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠳ ᠴᠠᠷᠠᠰᠤᠨ ᠭᠠᠴᠠᠭ᠎ᠠ ᠳᠤ ᠭᠦᠨᠵᠡᠭᠡᠶᠢᠷᠡᠨ 2 ᠭᠠᠵᠠᠷ ᠰᠢᠷᠣᠢ ᠶᠢᠨ ᠵᠢᠭᠤᠷᠠᠯᠳᠤᠭᠠᠨ ᠢ ᠡᠶᠡᠳᠡᠭᠦᠯᠵᠦ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠲᠤᠬᠠᠢ ᠶᠢᠨ ᠬᠥᠮᠦᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠬᠤ ᠪᠠᠷ ᠳᠠᠮᠵᠢᠭᠤᠯᠤᠨ᠂ ᠪᠣᠳᠠᠲᠤ ᠬᠡᠷᠡᠭ ᠪᠠ ᠲᠡᠦᠬᠡ ᠶᠢ ᠬᠦᠨᠳᠦᠳᠬᠡᠬᠦ ᠵᠠᠷᠴᠢᠮ ᠢ ᠦᠨᠳᠦᠰᠦᠯᠡᠨ ᠲᠤᠬᠠᠢ ᠶᠢᠨ ᠭᠠᠵᠠᠷ ᠲᠤᠨᠢ ᠡᠶᠡᠳᠡᠭᠦᠯᠵᠦ᠂ ᠲᠤᠬᠠᠢ ᠶᠢᠨ ᠲᠠᠯᠠᠪᠤᠷ ᠲᠤ ᠬᠤᠶᠠᠷ ᠲᠠᠯ᠎ᠠ ᠪᠠᠷ ᠢᠶᠠᠨ ᠠᠩᠬ᠎ᠠ ᠠᠯᠬᠤᠮ ᠰᠠᠨᠠᠯ ᠨᠢᠭᠡᠳᠪᠡ᠃    ᠣᠶᠢᠷ᠎ᠠ ᠶᠢᠨ ᠵᠢᠯ ᠠᠴᠠ᠂ ᠪᠠᠶᠠᠨᠬᠤᠰᠢᠭᠤ ᠪᠠᠯᠭᠠᠰᠤ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠲᠠᠷᠢᠶᠠᠨ ᠭᠠᠵᠠᠷ ᠢᠶᠠᠷ ᠭᠤᠣᠯ ᠪᠣᠯᠭᠠᠭᠰᠠᠨ ᠭᠠᠵᠠᠷ ᠰᠢᠷᠣᠢ ᠶᠢᠨ ᠵᠢᠭᠤᠷᠠᠯᠳᠤᠭᠠᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠨᠢᠭᠡ ᠳᠤ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠲᠠᠷᠢᠶᠠᠨ ᠭᠠᠵᠠᠷ ᠤᠨ ᠵᠢᠭᠤᠷᠠᠯᠳᠤᠭᠠᠨ ᠤ ᠮᠡᠳᠡᠭᠡ ᠵᠠᠩᠭᠢ ᠶᠢ ᠣᠨᠣᠪᠴᠢᠲᠠᠢ ᠡᠵᠡᠮᠳᠡᠬᠦ ᠪᠠ ᠰᠤᠳᠤᠯᠤᠨ ᠮᠠᠭᠠᠳᠯᠠᠬᠤ ᠬᠡᠷᠡᠭᠲᠡᠢ᠃ ᠬᠤᠶᠠᠷ ᠲᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ ᠳᠠᠮᠵᠢᠭᠤᠯᠵᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠲᠣᠰᠬᠤᠨ ᠤ ᠠᠷᠠᠳ ᠤᠨ ᠵᠥᠪᠯᠡᠯ᠂ ᠲᠤᠬᠠᠢ ᠶᠢᠨ ᠭᠠᠵᠠᠷ ᠤᠨ ᠡᠷᠳᠡᠮᠲᠡᠨ ᠵᠡᠷᠭᠡ ᠣᠯᠠᠨ ᠲᠠᠯ᠎ᠠ ᠶᠢᠨ ᠬᠢᠨ ᠭᠠᠵᠠᠷ ᠬᠠᠭᠠᠯᠪᠤᠷᠢᠯᠠᠨ ᠲᠠᠷᠢ᠊ ᠡᠶ᠎ᠡ ᠲᠠᠷᠢᠬᠤ ᠶᠢ ᠲᠣᠬᠢᠷᠠᠭᠤᠯᠬᠤ ᠠᠵᠢᠯ ᠢ ᠥᠷᠨᠢᠭᠦᠯᠬᠦ ᠳᠤ ᠣᠷᠣᠯᠴᠠᠵᠤ᠂ ᠠᠰᠠᠭᠤᠳᠠᠯ ᠢ ᠰᠢᠢᠳᠪᠦᠷᠢᠯᠡᠵᠦ᠂ ᠵᠥᠷᠢᠴᠡᠯ ᠢ ᠨᠠᠮᠳᠠᠭᠤᠯᠪᠠ᠃ ᠭᠤᠷᠪᠠ ᠳᠤ᠂ GPS᠂ ᠳᠠᠭᠠᠭᠤᠯᠢ ᠣᠳᠣᠨ ᠤ ᠰᠡᠭᠦᠳᠡᠷ ᠳᠦᠷᠰᠦ᠂ ᠭᠤᠷᠪᠠᠳᠠᠬᠢ ᠡᠲᠡᠭᠡᠳ ᠤᠨ ᠲᠤᠭ᠎ᠠ ᠪᠠᠷᠢᠮᠲᠠ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ ᠲᠡᠦᠬᠡ ᠶᠢᠨ ᠭᠡᠷᠡᠴᠢ ᠪᠠᠷᠢᠮᠲᠠ ᠶᠢᠨ ᠮᠠᠲ᠋ᠧᠷᠢᠶᠠᠯ ᠲᠠᠢ ᠤᠶᠠᠯᠳᠤᠭᠤᠯᠤᠨ᠂ ᠲᠤᠬᠠᠢ ᠶᠢᠨ ᠭᠠᠵᠠᠷ ᠲᠤᠨᠢ ᠮᠠᠭᠠᠳᠯᠠᠨ ᠲᠣᠭᠲᠠᠭᠠᠵᠤ᠂ ᠬᠠᠷᠢᠶ᠎ᠠ ᠣᠷᠣᠨ ᠤ ᠳᠣᠲᠣᠷᠠᠬᠢ ᠲᠠᠷᠢᠶᠠᠨ ᠭᠠᠵᠠᠷ ᠤᠨ ᠡᠷᠬᠡ ᠶᠢᠨ ᠬᠠᠷᠢᠶ᠎ᠠ ᠶᠢᠨ ᠮᠠᠷᠭᠤᠯᠳᠤᠭᠠᠨ ᠢ ᠵᠦᠢ ᠵᠣᠬᠢᠰᠲᠠᠢ ᠰᠢᠢᠳᠪᠦᠷᠢᠯᠡᠨ᠂ ᠮᠠᠯᠴᠢᠨ ᠲᠠᠷᠢᠶᠠᠴᠢᠨ ᠤ ᠡᠳ᠋ ᠬᠥᠷᠥᠩᠭᠡ ᠶᠢᠨ ᠠᠮᠤᠷ ᠲᠦᠪᠰᠢᠨ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠳᠥᠷᠪᠡ ᠳᠤ ᠲᠠᠷᠢᠶᠠᠨ ᠭᠠᠵᠠᠷ ᠠᠴᠠ ᠪᠣᠯᠤᠭᠰᠠᠨ ᠵᠠᠷᠭᠤ᠂ ᠵᠠᠬᠢᠳᠠᠯ ᠰᠤᠷᠪᠤᠯᠵᠢᠯᠠᠯ ᠵᠡᠷᠭᠡ ᠠᠰᠠᠭᠤᠳᠠᠯ ᠠᠴᠠ ᠪᠣᠯᠵᠤ᠂ ᠴᠠᠭ ᠲᠤᠬᠠᠢ ᠳᠤᠨᠢ ᠪᠠᠶᠢᠴᠠᠭᠠᠨ ᠲᠣᠳᠣᠯᠠᠵᠤ ᠬᠢᠨᠠᠨ ᠬᠠᠷᠭᠤᠭᠤᠯᠵᠤ᠂ ᠨᠢᠭᠡᠨᠲᠡ ᠪᠤᠢ ᠪᠣᠯᠤᠭᠰᠠᠨ ᠲᠠᠷᠢᠶᠠᠨ ᠭᠠᠵᠠᠷ ᠤᠨ ᠵᠢᠭᠤᠷᠠᠯᠳᠤᠭᠠᠨ ᠢ ᠬᠥᠲᠥᠯᠥᠨ ᠵᠢᠯᠣᠭᠤᠳᠴᠤ ᠵᠥᠪ ᠪᠦᠲᠦᠮᠵᠢᠲᠡᠢ ᠠᠷᠭ᠎ᠠ ᠮᠠᠶ᠋ᠢᠭ ᠢ ᠠᠪᠴᠤ ᠪᠠᠶᠢᠭᠠᠳ ᠡᠶᠡᠳᠡᠭᠦᠯᠬᠦ ᠬᠡᠷᠡᠭᠲᠡᠢ᠃ ᠡᠭᠦᠨ ᠤ ᠬᠠᠮᠲᠤ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠪᠠ ᠬᠠᠤᠯᠢ ᠲᠦᠭᠡᠮᠡᠯᠵᠢᠭᠦᠯᠬᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠰᠢᠭᠯᠠᠨ᠂ ᠬᠠᠤᠯᠢ ᠶᠣᠰᠣᠭᠠᠷ ᠡᠷᠡᠰ ᠢᠶᠠᠷ ᠠᠵᠢᠯᠯᠠᠵᠤ᠂ ᠭᠠᠵᠠᠷ ᠰᠢᠷᠣᠢ ᠶᠢᠨ ᠵᠢᠭᠤᠷᠠᠯᠳᠤᠭᠠᠨ ᠤ ᠵᠥᠷᠢᠴᠡᠯ ᠢ ᠵᠦᠢ ᠵᠣᠬᠢᠰᠲᠠᠢ ᠰᠢᠢᠳᠪᠦᠷᠢᠯᠡᠵᠦ᠂ ᠬᠡᠷᠡᠭ ᠢᠶᠠᠷ ᠬᠠᠤᠯᠢ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠪᠦᠲᠦᠮᠵᠢᠲᠡᠢ ᠬᠡᠯᠪᠡᠷᠢ ᠪᠠᠷ ᠳᠠᠮᠵᠢᠭᠤᠯᠤᠨ ᠬᠠᠤᠯᠢ ᠶᠢ ᠰᠤᠷᠤᠯᠴᠠᠬᠤ ᠬᠠᠤᠯᠢ ᠲᠦᠭᠡᠮᠡᠯᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠨ ᠱᠠᠲᠤᠨ ᠤ ᠭᠠᠵᠠᠷ ᠰᠢᠷᠣᠢ ᠶᠢᠨ ᠵᠢᠭᠤᠷᠠᠯᠳᠤᠭᠠᠨ ᠤ ᠵᠥᠷᠢᠴᠡᠯ ᠢ ᠣᠯᠠᠨ ᠤᠳᠠᠭ᠎ᠠ ᠠᠷᠢᠯᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号