ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠵᠤ᠂ ᠶᠠᠯᠠᠲᠤ ᠡᠲᠡᠭᠡᠳ ᠤᠨ | ᠰᠤᠷᠭᠠᠭᠤᠯᠢ ᠶᠢᠨ ᠬᠦᠷᠢᠶᠡᠨ ᠳᠤ ᠬᠦᠴᠦᠷᠬᠡᠭᠯᠡᠯ ᠤᠨ ᠠᠵᠢᠯᠯᠠᠭ᠎ᠠ ᠬᠡᠷᠡᠭᠵᠢᠭᠦᠯᠵᠦ᠂ ᠬᠦᠴᠦᠷᠬᠡᠭᠯᠡᠯ | ᠰᠦᠷᠳᠡᠭᠦᠯᠦᠯ ᠤᠨ ᠬᠡᠷᠡᠭ ᠢ ᠵᠦᠢ ᠵᠣᠬᠢᠰᠲᠠᠢ ᠰᠢᠢᠳᠪᠦᠷᠢᠯᠡᠬᠦ᠂ ᠥᠪᠡᠷ ᠢ ᠪᠠᠨ ᠬᠠᠮᠠᠭᠠᠯᠠᠵᠤ ᠥᠪᠡᠷ ᠢ ᠪᠠᠨ | ᠠᠪᠤᠷᠠᠬᠤ ᠵᠢᠴᠢ ᠠᠮᠢ ᠵᠢᠭᠤᠲᠠᠬᠤ ᠪᠦᠲᠦᠮᠵᠢᠲᠡᠢ ᠠᠶᠤᠯ ᠠᠴᠠ ᠵᠠᠶᠢᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠶᠠᠯ᠎ᠠ | ︵ᠰᠦᠷᠳᠡᠭᠦᠯᠦᠯ ᠤᠨ ᠡᠲᠡᠭᠡᠳ ᠤᠨ ᠥᠷᠭᠡᠨ ᠣᠯᠠᠨ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ | ᠲᠦᠪᠰᠢᠨ ᠳᠤ ᠤᠴᠠᠷᠠᠭᠤᠯᠤᠭᠰᠠᠨ ᠬᠤᠣᠷ ᠬᠥᠨᠥᠭᠡᠯ ᠪᠠ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ | ᠲᠦᠪᠰᠢᠨ ᠢ ᠦᠨᠡᠨ ᠬᠦ ᠪᠠᠲᠤᠯᠠᠵᠤ᠂ ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾ ᠶᠢᠨ ᠶᠡᠷᠦᠩᠬᠡᠢ | ᠠᠵᠢᠯ ᠤᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠭᠤᠣᠯ ᠤᠨ ᠪᠠᠶᠢᠰᠢᠩ ᠪᠠᠭ᠎ᠠ ᠰᠤᠷᠭᠠᠭᠤᠯᠢ 2024 | ᠣᠨ ᠤ 4 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠲᠤᠰ ᠤᠳᠠᠭᠠᠨ ᠤ ᠰᠣᠷᠢᠯᠲᠠ ᠶᠢᠨ ᠠᠵᠢᠯᠯᠠᠭ᠎ᠠ ᠶᠢ ᠤᠷᠤᠭᠰᠢᠲᠠᠢ ᠥᠷᠨᠢᠭᠦᠯᠬᠦ ᠶᠢᠨ ᠲᠥᠯᠥᠭᠡ᠂ | ᠰᠤᠷᠭᠠᠭᠤᠯᠢ ᠶᠢᠨ ᠠᠮᠤᠷ ᠲᠦᠪᠰᠢᠨ ᠤ ᠭᠠᠵᠠᠷ ᠠᠴᠠ ︽ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ | ᠰᠣᠷᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠨᠠᠷᠢᠨ ᠲᠣᠳᠣᠷᠬᠠᠢ ᠲᠣᠭᠲᠠᠭᠠᠵᠤ᠂ ᠰᠣᠷᠢᠯᠲᠠ ᠶᠢᠨ | ᠵᠣᠷᠢᠯᠭ᠎ᠠ ᠪᠠ ᠱᠠᠭᠠᠷᠳᠠᠯᠭ᠎ᠠ᠂ ᠴᠤᠪᠤᠷᠠᠯ ᠵᠢᠴᠢ ᠠᠵᠢᠯᠲᠠᠨ ᠤ ᠲᠣᠬᠢᠷᠠᠭᠤᠯᠤᠯᠲᠠ ᠵᠡᠷᠭᠡ ᠳᠤ ᠨᠠᠷᠢᠨ ᠨᠢᠮᠪᠠᠢ | ᠲᠣᠬᠢᠷᠠᠭᠤᠯᠤᠯᠲᠠ ᠬᠢᠵᠡᠢ᠃ | ᠲᠤᠰ ᠤᠳᠠᠭᠠᠨ ᠤ ᠰᠣᠷᠢᠯᠲᠠ ᠶᠢᠨ ᠠᠵᠢᠯᠯᠠᠭ᠎ᠠ ᠨᠢ ︽ᠮᠠᠭᠤ ᠡᠲᠡᠭᠡᠳ ᠠᠯᠪᠠᠳᠠᠯᠭ᠎ᠠ ᠪᠠᠷ ᠰᠤᠷᠭᠠᠭᠤᠯᠢ ᠶᠢᠨ | ᠬᠦᠷᠢᠶᠡᠨ ᠳᠤ ᠳᠠᠭᠠᠷᠢᠨ ᠣᠷᠣᠬᠤ︾ ᠪᠠᠷ ᠭᠡᠨᠡᠳᠲᠡ ᠶᠢᠨ ᠬᠡᠷᠡᠭ ᠤᠨ ᠠᠬᠤᠢ ᠪᠠᠶᠢᠳᠠᠯ ᠪᠣᠯᠭᠠᠪᠠ᠃ | ᠰᠤᠷᠭᠠᠭᠤᠯᠢ ᠳᠤ ᠰᠠᠭᠤᠬᠤ ᠦᠶ᠎ᠡ ᠶᠢᠨ ᠨᠢᠭᠡ ᠬᠢᠲᠤᠭ᠎ᠠ ᠪᠠᠷᠢᠭᠰᠠᠨ ᠮᠠᠭᠤ ᠡᠲᠡᠭᠡᠳ ᠰᠤᠷᠭᠠᠭᠤᠯᠢ ᠶᠢᠨ | ᠬᠦᠷᠢᠶᠡᠨ ᠳᠤ ᠣᠷᠣᠵᠤ ᠪᠠᠭᠱᠢ ᠰᠤᠷᠤᠭᠴᠢᠳ ᠲᠤ ᠬᠠᠷᠭᠢᠰ ᠬᠡᠷᠴᠡᠭᠡᠢ ᠠᠵᠢᠯᠯᠠᠭ᠎ᠠ ᠬᠢᠬᠦ ᠪᠠᠷ ᠣᠷᠣᠯᠳᠣᠪᠠ᠃ | ᠵᠢᠵᠢᠭᠦᠷᠯᠡᠵᠦ ᠪᠠᠶᠢᠭ᠎ᠠ ᠪᠠᠭᠰᠢ᠂ ᠠᠮᠤᠷ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠳᠤᠭᠤᠶᠢᠯᠠᠩ ᠵᠡᠷᠭᠡ ᠨᠢ | ᠴᠠᠭ ᠲᠤᠬᠠᠢ ᠳᠤᠨᠢ ᠴᠤᠤᠷᠢᠶᠠᠲᠤᠨ ᠳᠠᠭᠠᠵᠤ᠂ ᠵᠢᠵᠢᠭᠦᠷ ᠤᠨ ᠪᠠᠭᠰᠢ ᠳᠠᠷᠦ᠋ᠢᠬᠠᠨ ︽ᠨᠢᠭᠡ ᠳᠠᠷᠤᠪᠴᠢ ᠪᠠᠷ | ᠲᠦᠭᠰᠢᠭᠦᠷᠢ ᠮᠡᠳᠡᠭᠦᠯᠬᠦ︾ ᠳᠠᠭᠤᠳᠠᠯᠲᠠ ᠬᠢᠵᠦ᠂ ᠰᠡᠷᠡᠮᠵᠢ ᠶᠢᠨ ᠳᠤᠬᠢᠶᠠᠠ ᠶᠢ ᠰᠣᠨᠣᠰᠪᠠ᠂ ᠰᠤᠷᠭᠠᠭᠤᠯᠢ ᠲᠡᠷᠡ | ᠳᠠᠷᠤᠢ ᠳᠤᠨᠢ ᠰᠦᠷᠳᠡᠭᠦᠯᠦᠯ ᠢ ᠰᠡᠷᠭᠡᠶᠢᠯᠡᠨ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠪᠡᠯᠡᠳᠬᠡᠯ ᠲᠥᠰᠦᠯ ᠢᠶᠠᠨ ᠡᠬᠢᠯᠡᠭᠦᠯᠵᠦ᠂ ᠠᠮᠤᠷ ᠢ ᠬᠠᠮᠠᠭᠠᠯᠠᠬᠤ ᠠᠵᠢᠯᠲᠠᠨ ᠪᠠᠮᠪᠠᠶ᠂ ᠠᠴᠠ ᠡᠮᠦᠨ᠎ᠡ | ᠰᠦᠷᠳᠡᠭᠦᠯᠬᠦ ᠡᠲᠡᠭᠡᠳ ᠢ ᠬᠦᠷᠢᠶᠡᠯᠡᠨ ᠪᠠᠷᠢᠪᠴᠢᠯᠠᠪᠠ᠃ ᠰᠡᠷᠭᠡᠶᠢᠯᠡᠬᠦ᠂ ᠬᠠᠮᠠᠭᠠᠯᠠᠬᠤ᠂ ᠪᠦᠰᠡᠯᠡᠬᠦ᠂ ᠳᠠᠭᠠᠷᠢᠬᠤ᠂ | ᠰᠢᠢᠳᠪᠦᠷᠢᠯᠡᠬᠦ ᠵᠡᠷᠭᠡ ᠪᠠᠶᠢᠯᠳᠤᠬᠤ ᠠᠷᠭ᠎ᠠ ᠶᠢᠨ ᠠᠷᠭ᠎ᠠ ᠪᠠᠷ ᠳᠠᠮᠵᠢᠭᠤᠯᠤᠨ᠂ ᠰᠦᠷᠳᠡᠭᠦᠯᠬᠦ ᠡᠲᠡᠭᠡᠳ ᠢ ᠤᠳᠠᠯ | ᠦᠭᠡᠢ ᠡᠵᠡᠮᠱᠢᠭᠰᠡᠨ ᠪᠠᠶᠢᠨ᠎ᠠ᠃ | ᠴᠠᠭᠳᠠᠭᠠᠨ ᠤ ᠳᠠᠭᠤᠨ ᠭᠠᠷᠤᠭᠰᠠᠨ ᠤ ᠳᠠᠷᠠᠭ᠎ᠠ᠂ ᠡᠯ᠎ᠡ ᠠᠩᠭᠢ ᠶᠢᠨ ᠪᠠᠭᠰᠢ ᠨᠠᠷ ᠳᠠᠷᠤᠢ ᠲᠦᠷᠭᠡᠨ | ᠰᠤᠷᠤᠭᠴᠢᠳ ᠢ ᠵᠢᠯᠣᠭᠤᠳᠤᠨ ᠡᠭᠦᠳᠡᠨ ᠴᠣᠩᠬᠤ ᠶᠢ ᠰᠠᠶᠢᠲᠤᠷ ᠣᠨᠢᠰᠤᠯᠠᠵᠤ᠂ ᠰᠢᠷᠡᠭᠡ ᠪᠠᠷ ᠬᠢᠴᠢᠶᠡᠯ ᠤᠨ ᠭᠡᠷ ᠢ | ᠣᠷᠦ᠋ᠢᠯᠠᠵᠤ᠂ ︽ᠮᠠᠭᠤ ᠡᠲᠡᠭᠡᠳ︾ ᠭᠡᠷ ᠳᠣᠲᠣᠷᠠᠬᠢ ᠭᠡᠨᠡᠳᠲᠡ ᠶᠢᠨ ᠪᠠᠶᠢᠳᠠᠯ ᠢ ᠬᠤᠷᠢᠭᠯᠠᠵᠤ᠂ ᠰᠤᠷᠤᠭᠴᠢᠳ ᠢ | ᠵᠣᠬᠢᠶᠠᠨ ᠪᠠᠶᠢᠭᠤᠯᠤᠨ ᠪᠦᠲᠦᠮᠵᠢᠲᠡᠢ ᠪᠠᠷ ᠨᠢᠭᠤᠵᠤ ᠳᠠᠯᠳᠠᠯᠠᠭᠤᠯᠪᠠ᠃ | ᠰᠣᠷᠢᠯᠲᠠ ᠳᠠᠭᠤᠰᠤᠭᠰᠠᠨ ᠤ ᠳᠠᠷᠠᠭ᠎ᠠ᠂ ᠦ᠋ ᠡᠷᠬᠢᠯᠡᠭᠴᠢ ᠲᠤᠰ ᠤᠳᠠᠭᠠᠨ ᠤ ᠰᠣᠷᠢᠯᠲᠠ ᠶᠢᠨ ᠪᠠᠶᠢᠳᠠᠯ ᠳᠤ | ᠳ᠋ᠦᠩᠨᠡᠯᠲᠡ ᠬᠢᠵᠦ᠂ ᠰᠦᠷᠳᠡᠭᠦᠯᠦᠯ ᠢ ᠡᠰᠡᠷᠭᠦᠴᠡᠵᠦ ᠬᠦᠴᠦᠷᠬᠡᠭᠯᠡᠯ ᠢ ᠰᠡᠷᠭᠡᠶᠢᠯᠡᠬᠦ ᠮᠡᠳᠡᠯᠭᠡ ᠤᠷ᠎ᠠ ᠴᠢᠳᠠᠪᠤᠷᠢ ᠶᠢᠨ | ᠴᠢᠬᠤᠯᠠ ᠴᠢᠨᠠᠷ ᠢ ᠪᠦᠬᠦ ᠲᠠᠯ᠎ᠠ ᠪᠠᠷ ᠡᠵᠡᠮᠰᠢᠬᠦ ᠶᠢ ᠭᠤᠣᠯᠳᠠᠯᠭ᠎ᠠ ᠲᠠᠢ ᠴᠢᠬᠤᠯᠠᠴᠢᠯᠠᠬᠤ ᠶᠢᠨ ᠬᠠᠮᠲᠤ᠂ ᠪᠦᠬᠦ | ᠬᠥᠮᠦᠰ ᠲᠤᠰ ᠤᠳᠠᠭᠠᠨ ᠤ ᠪᠣᠳᠠᠲᠤ ᠪᠠᠶᠢᠯᠳᠤᠭᠠᠨ ᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠠᠮᠤᠷ | ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ | ᠲᠦᠭᠰᠢᠭᠦᠷᠢᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠢᠮᠠᠭᠲᠠ ᠪᠠᠲᠤᠯᠠᠵᠤ᠂ ᠭᠡᠨᠡᠳᠲᠡ ᠶᠢᠨ ᠠᠮᠤᠷ | ᠲᠦᠪᠰᠢᠨ ᠤ ᠠᠳᠠᠯ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ | ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ |