ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ | ᠪᠠᠯᠭᠠᠰᠤᠨ ᠤ ᠬᠤᠸᠠ ᠳᠣᠪᠤ ᠂ ᠰᠠᠮᠠᠭ᠎ᠠ ᠭᠠᠴᠠᠭᠠᠨ ᠤ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠨ ᠤ | ᠵᠠᠰᠠᠯᠲᠠ ᠶᠢᠨ ᠣᠷᠣᠨ ᠳᠤ᠂ ᠰᠢᠨ᠎ᠡ ᠪᠠᠷ ᠵᠠᠶᠢᠯᠠᠭᠰᠠᠨ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠪᠠ ᠵᠢᠭᠠᠷᠲᠤ | ᠨᠠᠷᠠᠰᠤᠨ ᠤ ᠵᠤᠯᠵᠠᠭ᠎ᠠ ᠮᠣᠳᠣ ᠶᠢ ᠲᠡᠷᠢ ᠲᠡᠭᠰᠢ ᠵᠢᠭᠰᠠᠭᠠᠵᠤ᠂ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠨ᠎ᠡ᠃ | ᠡᠨᠡ ᠨᠢ ᠵᠢᠷ ᠤᠨ ᠬᠥᠮᠦᠰ ︽ᠮᠠ ᠢ︾ ᠶᠢᠨ ᠬᠦᠴᠦᠨ ᠢᠶᠠᠷ ᠡᠯᠡᠰᠦᠨ ᠳᠤ ᠤᠷᠭᠤᠭᠰᠠᠨ ᠰᠣᠩᠭᠢᠨ᠎ᠠ ᠶᠢᠨ | ᠨᠣᠭᠤᠭᠠᠨ ᠥᠩᠭᠡ ᠪᠣᠯᠤᠨ᠎ᠠ᠃ ᠬᠠᠵᠠᠭᠤ ᠬᠠᠪᠢ ᠪᠠᠷ ᠬᠠᠷᠠᠭᠳᠠᠭᠰᠠᠨ ︽ᠮᠠ ᠢ ᠣᠢ ᠰᠢᠭᠤᠢ ᠶᠢᠨ ᠲᠥᠷᠥᠯ | ᠵᠦᠢᠯ ᠤᠨ ᠣᠷᠣᠨ︾ ᠤ ᠴᠢᠯᠠᠭᠤᠨ ᠬᠦᠰᠢᠶ᠎ᠡ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 25 | ᠲᠦᠮᠡᠨ ᠺᠠᠳ᠋ᠷ ᠣᠯᠠᠨ ᠲᠦᠮᠡᠨ ᠤ ᠳᠠᠭᠤᠨ ᠦᠭᠡᠢ ︽ᠬᠠᠷᠠᠮᠵᠢ︾ ᠪᠣᠯᠤᠨ᠎ᠠ᠃ | 2018 ᠣᠨ ᠠᠴᠠ ᠠᠩᠬᠠᠨ ᠤ ᠮᠣᠳᠣ ᠶᠢ ᠲᠠᠷᠢᠭᠰᠠᠨ ᠠᠴᠠ ᠣᠳᠣ ᠪᠣᠯᠲᠠᠯ᠎ᠠ᠂ ᠰᠢᠷᠭᠤᠯᠵᠢ ᠶᠢᠨ ᠣᠢ | ᠰᠢᠭᠤᠢ ᠣᠯᠠᠨ ᠰᠦᠯᠵᠢᠶᠡᠨ ᠠᠨᠳᠠ ᠬᠠᠮᠲᠤᠷᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ | ᠬᠠᠷᠭᠠᠨ᠎ᠠ᠂ ᠴᠢᠴᠠᠷᠭᠠᠨ᠎ᠠ᠂ ᠬᠡᠭᠡᠷ᠎ᠡ ᠶᠢᠨ ᠭᠦᠢᠯᠡᠰᠦ᠂ ᠬᠠᠶᠢᠯᠠᠰᠤᠨ ᠮᠣᠳᠣ᠂ ᠬᠠᠶᠢᠯᠠᠷ ᠨᠠᠷᠠᠰᠤ 780 ᠲᠦᠮᠡᠨ | ᠰᠠᠭᠤᠷᠢ ᠲᠠᠷᠢᠵᠤ᠂ ᠣᠶᠢᠵᠢᠭᠤᠯᠤᠭᠰᠠᠨ ᠲᠠᠯᠠᠪᠠᠢ 7 ᠲᠦᠮᠡᠨ ᠮᠦ ᠶᠢ ᠳᠠᠪᠠᠵᠠᠢ᠃ | 4 ᠰᠠᠷ᠎ᠠ ᠶᠢᠨ 15 ᠤ ᠡᠳᠦᠷ᠂ ᠬᠤᠷᠴᠢᠨ ᠤ ᠡᠯᠡᠰᠦᠷᠬᠡᠭ ᠭᠠᠵᠠᠷ ᠬᠢᠩᠭᠠᠨ ᠠᠶᠢᠮᠠᠭ ᠤᠨ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ︽ᠡᠮᠦᠨ᠎ᠡ ᠭᠤᠷᠪᠠᠨ ᠰᠤᠮᠤ︾ ᠶᠢᠨ ᠵᠠᠰᠠᠯᠲᠠ ᠶᠢᠨ ᠣᠷᠣᠨ ᠤ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ | ᠱᠢᠷᠭᠤᠯᠵᠢ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠭᠴᠢ᠂ ᠲᠡᠷᠢᠭᠦᠨ ᠦᠷᠭᠦᠯᠵᠢᠯᠡᠬᠦ ᠬᠥᠭᠵᠢᠯᠲᠡ ᠶᠢᠨ ᠨᠣᠶᠠᠨ᠂ | ᠱᠢᠷᠭᠤᠯᠵᠢ ᠣᠢ ᠰᠢᠭᠤᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ | ᠫᠧᠩ ᠢ ᠵᠢᠶᠧ ᠲᠠᠨᠢᠯᠴᠠᠭᠤᠯᠬᠤ ᠳᠠᠭᠠᠨ᠂ 2024 ᠣᠨ ᠳᠤ᠂ ᠮᠠ ᠢ ᠪᠦᠯᠦᠭᠯᠡᠯ ︽ᠰᠢᠷᠭᠤᠯᠵᠢ ᠶᠢᠨ ᠣᠢ | ᠰᠢᠭᠤᠢ︾ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ ᠵᠦᠢᠯ ᠢᠶᠠᠷ ᠳᠡᠮᠵᠢᠨ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ | ᠬᠢᠬᠦ ᠶᠢ ᠦᠷᠭᠦᠯᠵᠢᠯᠡᠨ ᠳᠡᠮᠵᠢᠵᠦ᠂ ᠵᠢᠯ ᠤᠨ ᠳᠣᠲᠣᠷ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ | ᠳᠠᠬᠢᠨ ᠬᠠᠷᠭᠠᠨ᠎ᠠ᠂ ᠬᠡᠭᠡᠷ᠎ᠡ ᠶᠢᠨ ᠭᠦᠢᠯᠡᠰᠦ᠂ ᠬᠠᠶᠢᠯᠠᠰᠤᠨ ᠮᠣᠳᠣ᠂ ᠪᠠᠲᠤ ᠪᠠᠬᠢ᠂ ᠬᠡᠭᠡᠷ᠎ᠡ ᠶᠢᠨ ᠲᠠᠤᠯᠠᠢ ᠶᠢᠨ | ᠪᠥᠭᠡᠷ᠎ᠡ ᠵᠡᠷᠭᠡ ᠮᠣᠳᠣᠨ ᠤ ᠲᠥᠷᠥᠯ ᠵᠦᠢᠯ 230 ᠲᠦᠮᠡ ᠶᠢ ᠳᠠᠪᠠᠵᠤ᠂ ᠨᠡᠶᠢᠲᠡ 10 ᠲᠦᠮᠡᠨ ᠮᠦ ᠶᠢ ᠳᠠᠪᠠᠭ᠋ᠤ | ᠪᠣᠯᠤᠨ᠎ᠠ᠃ | ︽ᠥᠩᠭᠡᠷᠡᠭᠰᠡᠨ ᠳᠤ᠂ ᠪᠢ ᠵᠥᠪᠬᠡᠨ ᠭᠠᠷ ᠤᠲᠠᠰᠤᠨ ᠤ ᠳᠡᠯᠭᠡᠴᠡ ᠪᠠᠷ ︿ᠬᠠᠶᠢᠷᠠᠯᠠᠨ ᠬᠠᠮᠠᠭᠠᠯᠠᠵᠤ﹀ ᠦᠰᠦᠨ | ᠪᠤᠶᠢᠵᠢᠵᠤ ᠪᠠᠶᠢᠨ᠎ᠠ᠂ ᠣᠳᠣ ᠣᠯᠠᠨ ᠲᠠᠢ ᠬᠠᠮᠲᠤ ᠨᠠᠷᠠᠰᠤ ᠪᠣᠯᠤᠨ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ | ᠵᠤᠯᠵᠠᠭ᠎ᠠ ᠮᠣᠳᠣ ᠶᠢ ᠰᠠᠭᠤᠯᠭᠠᠵᠤ᠂ ᠪᠢ ᠮᠠᠰᠢ ᠣᠮᠤᠭ ᠲᠠᠢ ᠪᠠᠶᠢᠨ᠎ᠠ︾ ᠭᠡᠵᠦ ᠬᠡᠯᠡᠪᠡ᠃ ᠵᠧᠵᠢᠶᠠᠩ ᠮᠤᠵᠢ ᠶᠢᠨ | ᠸᠧᠨ ᠵᠧᠦ ᠬᠤᠲᠠ ᠶᠢᠨ ᠼᠠᠩ ᠨᠠᠨ ᠰᠢᠶᠠᠩ ᠤᠨ ︽ᠮᠠ ᠢ ᠭᠡᠷᠡᠭᠯᠡᠭᠴᠢ︾ ᠴᠧᠨ ᠱᠧᠩ ᠰᠧᠨ ᠬᠠᠮᠲᠤ ᠡᠳ᠋ᠯᠡᠬᠦ | ᠵᠠᠮ᠃ ᠡᠨᠡ ᠪᠣᠯ ᠲᠡᠷᠡ ᠠᠩᠭᠢ ᠶᠢᠨ ᠨᠥᠬᠦᠳ ᠲᠠᠢ ᠪᠠᠨ ᠠᠩᠬ᠎ᠠ ᠤᠳᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠳᠤ ᠬᠦᠷᠴᠦ ᠪᠠᠶᠢᠭ᠎ᠠ ᠶᠤᠮ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠬᠠᠮᠤᠭ ᠤᠨ | ᠬᠤᠶᠢᠲᠤ ᠬᠡᠰᠡᠭ ᠲᠤ ᠪᠠᠶᠢᠷᠢᠯᠠᠵᠤ᠂ ᠬᠤᠷᠴᠢᠨ ᠤ ᠡᠯᠡᠰᠦᠷᠬᠡᠭ ᠭᠠᠵᠠᠷ ᠤᠨ ᠵᠠᠬ᠎ᠠ ᠬᠢᠵᠠᠭᠠᠷ ᠤᠨ ᠭᠠᠳᠠᠭᠰᠢ | ᠥᠷᠭᠡᠳᠬᠡᠬᠦ ᠶᠢ ᠬᠤᠷᠢᠭᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ 2018 ᠣᠨ ᠳᠤ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠪᠣᠯᠤᠭᠰᠠᠨ ᠤ | ᠬᠤᠪᠢ ᠳᠤ᠂ ᠲᠥᠪ ᠤᠨ ᠤᠬᠠᠭᠤᠯᠬᠤ ᠬᠡᠯᠲᠡᠰ ᠠᠴᠠ ︽ᠰᠢᠷᠭᠤᠯᠵᠢ ᠶᠢᠨ ᠣᠢ ᠰᠢᠭᠤᠢ︾ ᠶᠢᠨ ᠡᠯᠡᠰᠦᠷᠬᠡᠭᠵᠢᠯ ᠢ | ᠰᠡᠷᠭᠡᠶᠢᠯᠡᠨ ᠵᠠᠰᠠᠬᠤ ᠲᠥᠷᠥᠯ ᠵᠦᠢᠯ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ | ᠨᠤᠲᠤᠭᠰᠢᠭᠤᠯᠬᠤ ᠶᠢ ᠠᠬᠢᠭᠤᠯᠪᠠ᠃ ᠲᠤᠰ ᠵᠢᠯ ᠳᠤ 2 ᠲᠦᠮᠡᠨ ᠮᠦ ᠬᠠᠷᠭᠠᠨ᠎ᠠ᠂ 8 500 ᠮᠥ ᠴᠢᠴᠠᠷᠭᠠᠨ᠎ᠠ | ᠪᠦᠬᠦ ᠬᠤᠰᠢᠭᠤᠨ ᠤ 7 ᠰᠤᠮᠤ ᠪᠠᠯᠭᠠᠰᠤ᠂ 3 ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠳᠤ ᠭᠡᠷ | ᠣᠷᠣᠨ ᠢᠶᠠᠨ ᠠᠮᠤᠷᠵᠢᠭᠤᠯᠪᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ︽ᠮᠠ ᠢ ᠣᠢ ᠰᠢᠭᠤᠢ︾ | ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ᠲᠣᠭᠤᠷᠢᠭ ᠲᠤ᠂ ᠣᠢ ᠰᠢᠭᠤᠢ | ᠬᠠᠮᠠᠭᠠᠯᠠᠭᠴᠢ ᠲᠦᠩ ᠢᠦᠢ ᠱᠠᠨ ᠡᠳᠦᠷ ᠪᠦᠷᠢ ᠮᠣᠲ᠋ᠣᠷ ᠤᠨᠤᠵᠤ ᠢᠮᠠᠬᠤ ᠪᠦᠷᠢ ᠥᠩ ᠰᠢᠮᠡᠯᠢᠭ ᠬᠥᠷᠥᠰᠥ ᠶᠢ | ᠲᠣᠭᠤᠷᠢᠨ ᠦᠵᠡᠵᠦ᠂ ᠨᠡᠯᠦᠭᠡᠷ ᠡᠯᠡᠰᠦᠷᠬᠡᠭ ᠭᠠᠵᠠᠷ ᠠᠴᠠ ᠬᠡᠰᠡᠭ ᠪᠦᠷᠢ ᠶᠢᠨ ᠨᠣᠭᠤᠭᠠᠨ ᠪᠦᠷᠢᠳᠦ ᠬᠦᠷᠴᠦ᠂ | ᠵᠢᠵᠢᠭ ᠰᠠᠵᠢᠭ ᠬᠤᠪᠢᠷᠠᠯᠲᠠ ᠶᠢ ᠭᠡᠷᠡᠴᠢᠯᠡᠪᠡ᠃ ᠥᠩᠭᠡᠷᠡᠭᠰᠡᠨ ᠳᠤ ︽ᠥᠩᠭᠡᠷᠡᠭᠰᠡᠨ ᠳᠤ᠂ ᠰᠠᠯᠬᠢ ᠰᠠᠯᠬᠢᠯᠠᠵᠤ᠂ | ᠨᠢᠭᠡ ᠰᠥᠨᠢ ᠲᠠᠷᠢ᠊ ᠡᠶ᠎ᠡ ᠲᠠᠷᠢᠬᠤ ᠨᠢ ᠡᠯᠡᠰᠦᠨ ᠤ ᠡᠭᠦᠷ ᠪᠣᠯᠳᠠᠭ᠃ ᠬᠠᠷᠭᠠᠨ᠎ᠠ ᠶᠢ ᠲᠠᠷᠢᠭᠰᠠᠨ ᠠᠴᠠ ᠠᠪᠤᠭᠠᠳ | ᠠᠭᠤᠯᠠ ᠲᠠᠯ᠎ᠠ ᠳᠦᠭᠦᠷᠡᠩ ᠮᠠᠩᠬᠠᠨ ᠭᠠᠵᠠᠷ ᠴᠥᠮ ᠨᠣᠭᠤᠭᠠᠷᠠᠵᠤ᠂ ᠪᠣᠷᠣᠭᠠᠨ ᠤ ᠤᠰᠤ ᠴᠤ ᠠᠷᠪᠢᠨ ᠪᠣᠯᠵᠤ᠂ | ᠦᠯᠦ ᠦᠰᠦᠲᠦ ᠭᠠᠵᠠᠷ ᠨᠢ ᠥᠩ ᠰᠢᠮᠡᠯᠢᠭ ᠬᠥᠷᠥᠰᠥᠨ ᠳᠤ ᠰᠠᠶᠢᠨ ᠲᠠᠷᠢ᠊ ᠡᠶ᠎ᠡ ᠪᠣᠯᠵᠤ ᠬᠤᠪᠢᠷᠠᠨ᠎ᠠ︾ ᠭᠡᠵᠡᠢ᠃ | ᠥᠩᠭᠡᠷᠡᠭᠰᠡᠨ ᠲᠠᠢ ᠬᠠᠷᠢᠴᠠᠭᠤᠯᠪᠠᠯ᠂ ᠲᠦᠩ ᠢᠦᠢ ᠱᠠᠨ ᠠᠭᠤᠯᠠ ᠲᠦᠭ ᠲᠦᠮᠡᠨ ᠰᠡᠳᠬᠢᠯ ᠳᠣᠭᠳᠣᠯᠪᠠ᠃ | ᠠᠳᠠᠯᠢᠬᠠᠨ ᠯᠤᠲᠤ ᠶᠡᠭᠡ ᠬᠤᠪᠢᠷᠠᠯᠲᠠ ᠶᠢ ᠰᠡᠷᠡᠵᠦ ᠮᠡᠳᠡᠭᠰᠡᠨ ᠪᠠᠶᠢᠪᠠᠯ᠂ ᠪᠠᠰᠠ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠰᠠᠶᠢᠬᠠᠨ ᠳᠣᠪᠤ ᠭᠠᠴᠠᠭᠠᠨ ᠤ ᠨᠠᠮ ᠤᠨ ᠡᠭᠦᠷ ᠤᠨ | ᠱᠦᠵᠢ ᠸᠠᠩ ᠱᠤᠸᠠᠩ ᠵᠤ ᠪᠣᠯᠤᠨ᠎ᠠ᠃ | ᠡᠨᠡ ᠵᠢᠯ ᠤᠨ 3 ᠰᠠᠷ᠎ᠠ ᠶᠢᠨ 12 ᠤ ᠡᠳᠦᠷ ᠤᠨ ᠮᠣᠳᠣ ᠲᠠᠷᠢᠬᠤ ᠠᠵᠢᠯᠯᠠᠭ᠎ᠠ ᠳᠤᠮᠳᠠ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠸᠧᠨ ᠭᠤᠸᠠᠨ ᠵᠢᠮᠢᠰ ᠤᠨ ᠱᠤᠭᠤᠮ ᠳᠡᠭᠡᠷ᠎ᠡ ᠱᠢᠷᠭᠤᠯᠵᠢ ᠣᠢ | ᠱᠢᠭᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ ᠤᠨ ᠮᠣᠳᠣᠨ ᠤ ᠲᠥᠷᠥᠯ ᠵᠦᠢᠯ ᠪᠣᠯᠵᠤ᠂ | ᠰᠦᠯᠵᠢᠶᠡᠨ ᠤ ᠨᠠᠶᠢᠵᠠ ᠭᠠᠷ ᠤᠲᠠᠰᠤ ᠪᠠᠷ ᠡᠨᠧᠷᠭᠢ ᠶᠢᠨ ᠮᠣᠳᠣ ᠲᠠᠷᠢᠵᠤ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠱᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠵᠥᠪᠬᠡᠨ ᠬᠤᠶᠠᠷ | ᠡᠳᠦᠷ ᠤᠨ ᠴᠠᠭ ᠬᠡᠷᠡᠭᠯᠡᠵᠦ᠂ 70 ᠲᠦᠮᠡᠨ ᠰᠢᠷᠬᠡᠭ ᠸᠧᠨ ᠭᠤᠸᠠᠨ ᠵᠢᠮᠢᠰ ᠰᠣᠯᠢᠬᠤ ᠪᠣᠯᠤᠨ᠎ᠠ᠃ | ︽ᠪᠢ ᠬᠠᠶᠢᠷ᠎ᠠ ᠲᠠᠢ ᠪᠣᠯ ᠳᠠᠷᠤᠢ ᠰᠢᠷᠭᠤᠯᠵᠢ ᠶᠢᠨ ᠣᠢ ᠰᠢᠭᠤᠢ ᠶᠢᠨ ᠱᠤᠭᠤᠮ ᠳᠡᠭᠡᠷ᠎ᠡ ᠮᠣᠳᠣ ᠲᠠᠷᠢᠵᠤ | ᠬᠤᠪᠢ ᠪᠠᠷᠢᠯᠳᠤᠭᠤᠯᠵᠤ᠂ ᠮᠠᠰᠢ ᠪᠠᠶᠠᠷ ᠬᠦᠷ ᠲᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ 18 | ᠳ᠋ᠤᠭᠠᠷ ︿ᠬᠠᠶᠢᠷ᠎ᠠ ᠶᠢᠨ ᠮᠣᠳᠣ﹀ ᠶᠢ ᠭᠦᠨ ᠰᠢᠷ᠎ᠠ ᠡᠯᠡᠰᠦ ᠳᠠᠷᠢᠵᠤ᠂ ᠨᠢᠳᠤᠨᠤᠨ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠳᠤ ᠬᠠᠮᠲᠤ ᠪᠠᠷ ᠲᠠᠷᠢᠭᠰᠠᠨ ᠬᠠᠶᠢᠯᠠᠰᠤᠨ ᠮᠣᠳᠣ ᠶᠢ ᠦᠵᠡᠶ᠎ᠡ ᠭᠡᠵᠦ ᠪᠣᠳᠣᠵᠤ ᠪᠠᠶᠢᠨ᠎ᠠ︾ | ᠬᠡᠵᠤ ᠱᠠᠨᠳᠦᠩ ᠮᠤᠵᠢ ᠶᠢᠨ ᠯᠢᠨ ᠢ ᠬᠤᠲᠠ ᠠᠴᠠ ᠢᠷᠡᠭᠰᠡᠨ ᠰᠢᠷᠭᠤᠯᠵᠢ ᠣᠢ ᠶᠢᠨ ᠬᠡᠷᠡᠭᠯᠡᠭᠴᠢ ᠹᠠᠨ ᠱᠤ᠋ ᠴᠢ | ᠬᠡᠯᠡᠪᠡ᠃ | ᠡᠳᠦᠭᠡ᠂ ᠲᠥᠪ ᠤᠨ ᠤᠬᠠᠭᠤᠯᠬᠤ ᠬᠡᠯᠲᠡᠰ ᠶᠠᠭ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ ᠵᠣᠬᠢᠴᠠᠭᠤᠯᠵᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ | ᠬᠠᠮᠲᠤ ᠪᠠᠷ ᠣᠷᠣᠯᠴᠠᠵᠤ ᠪᠠᠶᠢᠨ᠎ᠠ᠃ ᠮᠠ ᠢ ᠣᠢ ᠱᠢᠭᠤᠢ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ | ᠳᠡᠮᠵᠢᠯᠭᠡ ᠳᠣᠣᠷ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤ ᠠᠯᠢ ᠣᠯᠠᠨ ᠦᠷ᠎ᠡ ᠪᠦᠲᠦᠮᠵᠢ ᠰᠠᠶᠢᠲᠠᠢ | ᠣᠶᠢᠵᠢᠭᠤᠯᠵᠤ᠂ ᠨᠣᠭᠤᠭᠠᠨ ᠥᠩᠭᠡ ᠶᠢ ᠦᠷᠭᠦᠯᠵᠢᠯᠡᠨ ᠥᠷᠭᠡᠳᠬᠡᠵᠡᠢ᠃ 2023 ᠣᠨ ᠤ ᠡᠴᠦᠰ ᠪᠣᠯᠲᠠᠯ᠎ᠠ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠨᠤᠲᠤᠭ | ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠲᠤᠰ ᠲᠤᠰ 2017 ᠣᠨ ᠤ 17. | 64% ᠪᠠ 35.17% ᠪᠠᠶᠢᠭᠰᠠᠨ ᠠᠴᠠ 18.54% ᠪᠠ 76.77% ᠪᠣᠯᠲᠠᠯ᠎ᠠ ᠳᠡᠭᠡᠭᠰᠢᠯᠡᠪᠡ᠃ | ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ 611 ᠲᠦᠮᠡᠨ ᠮᠦ ᠪᠠᠶᠢᠭᠰᠠᠨ ᠠᠴᠠ 498 ᠲᠦᠮᠡᠨ ᠮᠦ ᠪᠣᠯᠤᠨ | ᠪᠠᠭᠠᠰᠪᠠ᠃ |