ᠭᠤᠷᠭᠤᠤᠯᠳᠠᠢ ᠡᠪᠡᠰᠦ ᠤᠷᠭᠤᠵᠤ᠂ ᠬᠠᠪᠤᠷ ᠥᠩᠭᠡ ᠢᠯᠭᠠᠷᠠᠨ᠎ᠠ᠃ ︽ᠬᠤᠶᠠᠷ ᠢ ᠪᠠᠭᠠᠰᠬᠠᠬᠤ︾ ᠲᠥᠷᠥ ᠶᠢᠨ | ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠲᠠᠪᠤᠨ ᠬᠥᠮᠦᠵᠢᠯ ᠢ ᠵᠡᠷᠭᠡ ᠪᠠᠷ ᠠᠳᠬᠤᠨ᠂ ᠮᠠᠨ ᠤ | ᠰᠤᠷᠭᠠᠭᠤᠯᠢ ᠶᠢᠨ ᠨᠡᠷᠡᠨ ᠭᠡᠷᠡᠯᠲᠦ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠶᠠᠰᠤ ᠴᠢᠨᠠᠷ ᠢ ᠠᠬᠢᠭᠤᠯᠵᠤ᠂ | ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠨ᠂ | ᠰᠤᠷᠤᠭᠴᠢᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠵᠤ᠂ ᠰᠤᠷᠤᠭᠴᠢᠳ ᠤᠨ ᠶᠣᠰᠣ ᠮᠣᠷᠠᠯ᠂ ᠣᠶᠤᠨ ᠤᠬᠠᠭᠠᠨ᠂ | ᠪᠡᠶ᠎ᠡ ᠮᠠᠬᠠᠪᠣᠳ᠂ ᠭᠤᠸ᠎ᠠ ᠰᠠᠶᠢᠬᠠᠨ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠪᠠᠷᠠᠭᠤᠨ ᠵᠢᠷᠢᠮ ᠳᠤᠮᠳᠠᠳᠤ ᠰᠤᠷᠭᠠᠭᠤᠯᠢ 2024 ᠣᠨ ᠤ 4 ᠰᠠᠷ᠎ᠠ ᠶᠢᠨ 11 ᠤ | ᠡᠳᠦᠷ ᠤᠨ ᠦᠳᠡ ᠶᠢᠨ ᠡᠮᠦᠨ᠎ᠡ ︽ᠵᠠᠯᠠᠭᠤ ᠨᠠᠰᠤᠨ ᠤ ᠪᠠᠭᠠᠴᠤᠳ᠂ ᠬᠦᠰᠡᠯ ᠵᠡᠭᠦᠳᠦ ᠪᠠᠨ ᠲᠡᠷᠭᠡᠯᠰᠢᠭᠦᠯᠦᠨ | ᠭᠦᠶᠦᠬᠦ︾ ᠬᠠᠪᠤᠷ ᠤᠨ ᠤᠯᠠᠷᠢᠯ ᠤᠨ ᠬᠡᠭᠡᠷᠡᠯᠡᠨ ᠭᠦᠶᠦᠬᠦ ᠤᠷᠤᠯᠳᠤᠭᠠᠨ ᠡᠷᠬᠢᠯᠡᠪᠡ᠃ | ᠮᠠᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠨ ᠤᠷᠠᠯᠢᠭ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠨᠠᠷᠢᠨ ᠨᠢᠮᠪᠠᠢ ᠲᠥᠯᠥᠪᠯᠡᠭᠡ ᠪᠠ ᠲᠣᠬᠢᠷᠠᠭᠤᠯᠤᠯᠲᠠ ᠬᠢᠵᠦ᠂ ᠲᠤᠰ ᠤᠳᠠᠭᠠᠨ ᠤ ᠬᠡᠭᠡᠷᠡᠯᠡᠨ | ᠭᠦᠶᠦᠬᠦ ᠤᠷᠤᠯᠳᠤᠭᠠᠨ ᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠬᠡᠭᠡᠷᠡᠯᠡᠨ | ᠭᠦᠶᠦᠬᠦ ᠤᠷᠤᠯᠳᠤᠭᠠᠨ ᠤ ᠭᠠᠵᠠᠷ ᠲᠤ ᠪᠠᠷᠠᠭᠤᠨ ᠵᠢᠷᠢᠮ ᠪᠠᠯᠭᠠᠰᠤᠨ ᠤ ᠲᠠᠷᠢᠶᠠᠨ ᠭᠠᠵᠠᠷ ᠤᠨ ᠵᠥᠷᠢᠭ ᠵᠠᠮ ᠢᠶᠠᠷ | ᠰᠣᠩᠭᠤᠵᠤ᠂ ᠡᠷᠡᠭᠲᠡᠢ ᠶᠢᠨ ᠵᠠᠮ 5000 ᠮᠧᠳ᠋ᠷ᠂ ᠡᠮᠡᠭᠲᠡᠢ ᠶᠢᠨ ᠵᠠᠮ 3000 ᠮᠧᠳ᠋ᠷ ᠲᠤ ᠬᠦᠷᠴᠦ᠂ | ᠳᠣᠯᠣᠳᠤᠭᠠᠷ᠂ ᠨᠠᠢᠮᠠᠳᠤᠭᠠᠷ᠂ ᠶᠢᠰᠦᠳᠦᠭᠡᠷ ᠣᠨ ᠤ ᠡᠷᠡᠭᠲᠡᠢ ᠡᠮᠡᠭᠲᠡᠢ ᠳᠤᠭᠤᠶᠢᠯᠠᠩ ᠬᠤᠪᠢᠶᠠᠵᠤ᠂ ᠴᠠᠭ ᠬᠤᠪᠢᠶᠠᠨ | ᠶᠠᠪᠤᠭᠳᠠᠭᠤᠯᠬᠤ ᠶᠢ ᠪᠠᠲᠤᠯᠠᠪᠠ᠃ | ᠤᠷᠤᠯᠳᠤᠭᠠᠨ ᠤ ᠶᠠᠪᠤᠴᠠ ᠳᠤ᠂ ᠲᠠᠮᠢᠷᠴᠢᠳ ᠲᠠᠮᠢᠷ ᠲᠡᠩᠬᠡᠭᠡ ᠪᠠᠨ ᠠᠳᠠᠯᠢᠳᠬᠠᠵᠤ᠂ ᠡᠷᠴᠢ ᠵᠣᠷᠢᠭ ᠢᠶᠠᠨ | ᠠᠳᠠᠯᠢᠳᠬᠠᠵᠤ᠂ ᠬᠡᠪ ᠨᠠᠮᠪᠠ ᠪᠠᠨ ᠠᠳᠠᠯᠢᠳᠬᠠᠵᠤ᠂ ᠬᠢᠷᠢ ᠲᠦᠪᠰᠢᠨ ᠢᠶᠠᠨ ᠠᠳᠠᠯᠢᠳᠬᠠᠵᠤ᠂ ᠰᠢᠳᠦ ᠵᠠᠭᠤᠨ | ᠪᠠᠷᠢᠮᠲᠠᠯᠠᠵᠤ᠂ ᠪᠦᠬᠦ ᠲᠠᠮᠢᠷᠴᠢᠳ ᠤᠨ ᠪᠦᠯᠬᠦᠮᠳᠡᠨ ᠲᠡᠮᠡᠴᠡᠭᠰᠡᠨ ᠰᠡᠳᠬᠢᠯ ᠬᠥᠳᠡᠯᠭᠡᠮ᠎ᠡ ᠪᠠᠶᠢᠳᠠᠯ ᠢ ᠭᠦᠢᠴᠡᠳ | ᠢᠯᠡᠷᠡᠭᠦᠯᠪᠡ᠃ | ᠬᠠᠪᠤᠷ ᠤᠨ ᠤᠷᠢᠬᠠᠨ ᠰᠠᠯᠬᠢ ᠬᠦᠷᠬᠢᠷᠡᠨ ᠣᠯᠠᠨ ᠤ ᠰᠡᠳᠬᠢᠯ ᠢ ᠬᠤᠷᠢᠭᠯᠠᠵᠤ ᠴᠢᠳᠠᠬᠤ ᠦᠭᠡᠢ᠃ ᠲᠠᠮᠢᠷᠴᠢᠳ | ᠢᠳᠡᠷᠡᠭᠦᠨ ᠠᠯᠬᠤᠭ᠎ᠠ ᠪᠠᠷ ᠤᠷᠤᠭᠰᠢᠯᠠᠵᠤ᠂ ᠲᠡᠭᠦᠰᠬᠡᠯ ᠤᠨ ᠴᠡᠭ ᠤᠨ ᠪᠠᠭᠰᠢ᠂ ᠬᠠᠮᠲᠤ ᠰᠤᠷᠤᠭᠴᠢᠳ ᠤᠨ ᠢᠶᠠᠨ | ᠴᠢᠷᠮᠠᠶᠢᠯᠭ᠎ᠠ ᠪᠠ ᠬᠠᠰᠬᠢᠷᠬᠤ ᠳᠠᠭᠤᠨ ᠤ ᠳᠤᠮᠳᠠ ᠪᠦᠬᠦ ᠶᠠᠪᠤᠴᠠ ᠶᠢ ᠳᠠᠭᠤᠰᠬᠠᠵᠤ᠂ ᠡᠴᠦᠰ ᠤᠨ ᠴᠡᠭ ᠢ ᠴᠢᠭᠯᠡᠪᠡ᠃ | | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ︽ᠵᠠᠯᠠᠭᠤ ᠪᠠᠭᠠᠴᠤᠳ᠂ ᠬᠦᠰᠡᠯ ᠵᠡᠭᠦᠳᠦ ᠪᠠᠨ | ᠲᠡᠷᠭᠡᠯᠰᠢᠭᠦᠯᠦᠨ ᠭᠦᠶᠦᠬᠦ︾ ᠬᠠᠪᠤᠷ ᠤᠨ ᠤᠯᠠᠷᠢᠯ ᠤᠨ ᠬᠡᠭᠡᠷ᠎ᠡ ᠶᠢᠨ ᠤᠷᠤᠯᠳᠤᠭᠠᠨ ᠤ ᠠᠵᠢᠯᠯᠠᠭ᠎ᠠ ᠨᠢ ᠲᠠᠮᠢᠷᠴᠢᠳ | ᠬᠥᠯᠥᠰᠥ ᠪᠠᠨ ᠤᠷᠤᠰᠬᠠᠨ᠂ ᠪᠠᠭᠰᠢ ᠪᠣᠯᠤᠨ ᠬᠠᠮᠲᠤ ᠰᠤᠷᠤᠭᠴᠢᠳ ᠤᠨ ᠣᠷᠭᠢᠯᠤᠮ᠎ᠠ ᠬᠠᠯᠠᠭᠤᠨ ᠰᠡᠳᠬᠢᠯᠭᠡ | ᠳᠤᠮᠳᠠ ᠡᠴᠦᠰ ᠲᠡᠭᠡᠨ ᠲᠡᠭᠦᠰ ᠠᠮᠵᠢᠯᠲᠠ ᠲᠠᠢ ᠥᠨᠳᠥᠷᠯᠡᠪᠡ᠃ ᠤᠷᠤᠯᠳᠤᠭᠠᠨ ᠤ ᠳᠠᠷᠠᠭ᠎ᠠ ᠰᠤᠷᠭᠠᠭᠤᠯᠢ ᠨᠢ | ᠱᠠᠩᠨᠠᠯ ᠣᠯᠤᠭᠰᠠᠨ ᠠᠩᠭᠢ ᠪᠠ ᠲᠠᠮᠢᠷᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠪᠠ᠃ | ᠲᠤᠰ ᠤᠳᠠᠭᠠᠨ ᠤ ᠬᠡᠭᠡᠷᠡᠯᠡᠨ ᠭᠦᠶᠦᠬᠦ ᠤᠷᠤᠯᠳᠤᠭᠠᠨ ᠳᠤ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ | ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠣᠶᠢᠯᠠᠭᠠᠭᠳᠠᠬᠤᠨ ᠨᠢ | ᠰᠤᠷᠤᠭᠴᠢᠳ ᠤᠨ ᠪᠡᠶ᠎ᠡ ᠰᠡᠳᠬᠢᠯ ᠤᠨ ᠬᠡᠪ ᠴᠢᠨᠠᠷ ᠢ ᠰᠢᠯᠭᠠᠵᠤ᠂ ᠰᠤᠷᠤᠭᠴᠢᠳ ᠤᠨ ᠵᠠᠯᠠᠭᠤ ᠨᠠᠰᠤᠨ ᠤ ᠴᠤᠭ | ᠵᠢᠪᠬᠤᠭ᠎ᠠ ᠶᠢ ᠢᠯᠡᠷᠡᠭᠦᠯᠵᠦ᠂ ᠰᠤᠷᠤᠭᠴᠢᠳ ᠤᠨ ᠢᠳᠡᠪᠬᠢᠲᠡᠢ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ | ᠪᠠᠶᠢᠳᠠᠯ ᠢ ᠪᠠᠳᠠᠷᠠᠭᠤᠯᠵᠤ᠂ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠰᠤᠷᠤᠭᠴᠢᠳ ᠲᠤ ︽ᠬᠤᠶᠠᠷ ᠢ | ᠪᠠᠭᠠᠰᠬᠠᠬᠤ︾ ᠨᠠᠷᠠᠨ ᠤ ᠭᠡᠷᠡᠯ ᠤᠨ ᠪᠡᠶ᠎ᠡ ᠶᠢᠨ ᠲᠠᠮᠢᠷ ᠤᠨ ᠪᠠᠶᠠᠷ ᠪᠠᠭ᠋ᠠᠳᠤᠯ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ | ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠢᠳᠡᠪᠬᠢᠵᠢᠯ ᠢ ᠨᠡᠩ ᠬᠥᠭᠵᠢᠭᠡᠵᠦ᠂ ᠠᠩᠭᠢ ᠶᠢᠨ ᠨᠢᠭᠲᠠᠷᠠᠯ ᠤᠨ ᠬᠦᠴᠦᠨ | ᠪᠠ ᠬᠠᠮᠲᠤ ᠶᠢᠨ ᠢᠷᠠᠭᠤ ᠠᠯᠳᠠᠷ ᠤᠨ ᠰᠡᠳᠬᠢᠯᠭᠡ ᠶᠢ ᠨᠡᠮᠡᠭᠳᠡᠭᠦᠯᠵᠦ᠂ ᠪᠠᠲᠤ ᠴᠢᠩᠭ᠎ᠠ ᠵᠣᠷᠢᠭ ᠰᠠᠨᠠᠭᠠᠨ ᠤ ᠬᠡᠪ | ᠴᠢᠨᠠᠷ ᠢ ᠪᠣᠯᠪᠠᠰᠤᠷᠠᠭᠤᠯᠵᠠᠢ᠃ | |