ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠦᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠥᠪᠯᠡᠷᠡᠭᠦᠯᠦᠨ ᠤᠬᠠᠭᠤᠯᠬᠤ ᠰᠠᠷ᠎ᠠ ᠵᠢᠴᠢ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠠᠮᠤᠷ ᠲᠦᠪᠰᠢᠨ ᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
   ᠴᠢᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠨ᠂ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠦᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠥᠪᠯᠡᠷᠡᠭᠦᠯᠦᠨ ᠤᠬᠠᠭᠤᠯᠬᠤ ᠰᠠᠷ᠎ᠠ ᠵᠢᠴᠢ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠠᠮᠤᠷ ᠲᠦᠪᠰᠢᠨ ᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠯᠢᠦ ᠯᠢᠨ ᠵᠦᠩ ᠬᠤᠷᠠᠯ ᠡᠷᠬᠢᠯᠡᠵᠦ᠂ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠬᠥᠭᠵᠢᠯᠲᠡ ᠶᠢᠨ ᠦᠢᠯᠡᠰ ᠤᠨ ᠲᠥᠪ ᠤᠨ ᠡᠷᠬᠢᠯᠡᠭᠴᠢ ᠸᠠᠩ ᠳᠠᠯᠠᠢ᠂ ᠬᠠᠷᠭᠤᠭᠤᠯᠤᠨ ᠪᠤᠳᠤᠬᠤ ᠲᠠᠰᠤᠭ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠵᠢᠴᠢ ᠪᠦᠬᠦ ᠬᠤᠰᠢᠭᠤᠨ ᠤ ᠡᠯ᠎ᠡ ᠴᠢᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠭᠦᠳᠡᠨ ᠡᠮᠨᠡᠯᠭᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠠᠴᠠ ᠱᠠᠭᠠᠷᠳᠠᠭᠰᠠᠨ ᠨᠢ᠂ ᠪᠥᠬᠦ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠪᠣᠯᠤᠨ ᠡᠯ᠎ᠡ ᠴᠢᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠭᠦᠳᠡᠨ ᠡᠮᠨᠡᠯᠭᠡ ᠨᠢ ︽ᠡᠮ ᠡᠮᠨᠡᠯᠭᠡ ᠶᠢᠨ ᠳᠠᠭᠠᠳᠬᠠᠯ ᠤᠨ ᠠᠷᠠᠳ ᠤᠨ ᠲᠥᠯᠥᠭᠡ ᠪᠠᠶᠢᠬᠤ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠨᠡᠩ ᠴᠢᠩᠭ᠎ᠠ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠵᠢᠷᠤᠮᠵᠢᠭᠤᠯᠵᠤ᠂ ᠬᠠᠷᠢᠭᠤᠴᠠᠯᠭ᠎ᠠ ᠪᠠᠨ ᠰᠡᠳᠬᠢᠯ ᠠᠴᠠ ᠪᠠᠨ ᠮᠡᠳᠡᠵᠦ᠂ ᠥᠪᠡᠷ ᠤᠨ ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠣᠯᠠᠨ ᠲᠦᠮᠡᠨ ᠤ ︽ᠠᠮᠢ ᠠᠪᠤᠷᠠᠬᠤ ᠵᠣᠭᠤᠰ︾ ᠢ ᠰᠠᠶᠢᠲᠤᠷ ᠰᠠᠬᠢᠬᠤ ᠬᠡᠷᠡᠭᠲᠡᠢ᠃    ᠬᠤᠷᠠᠯ ᠳᠡᠭᠡᠷ᠎ᠡ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠭᠦᠳᠡᠨ ᠡᠮᠨᠡᠯᠭᠡ ᠶᠢᠨ ᠦᠷᠭᠦᠯᠵᠢ ᠲᠣᠬᠢᠶᠠᠯᠳᠤᠳᠠᠭ ᠬᠠᠤᠯᠢ ᠲᠣᠭᠲᠠᠭᠠᠯ ᠠᠴᠠ ᠵᠥᠷᠢᠴᠡᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠦᠢᠯᠡ ᠠᠵᠢᠯᠯᠠᠭ᠎ᠠ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠬᠡᠯᠡᠯᠴᠡᠭᠡᠷ ᠤᠨ ᠬᠠᠮᠢᠶ᠎ᠠ ᠪᠦᠬᠦᠢ ᠲᠣᠭᠲᠠᠭᠠᠯ ᠵᠡᠷᠭᠡ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠰᠡᠷᠡᠮᠵᠢᠯᠡᠭᠦᠯᠬᠦ ᠬᠥᠮᠦᠵᠢᠯ ᠤᠨ ᠬᠡᠰᠡᠭ ᠲᠠᠢ ᠤᠶᠠᠯᠳᠤᠭᠤᠯᠤᠨ ᠭᠦᠨᠵᠡᠭᠡᠢ ᠪᠥᠭᠡᠳ ᠣᠶᠢᠯᠠᠭᠠᠮᠵᠢᠲᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠡ᠃    ᠡᠭᠦᠨ ᠤ ᠬᠠᠮᠲᠤ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠠᠮᠤᠷ ᠲᠦᠪᠰᠢᠨ ᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢᠨ ᠲᠥᠰᠦᠯ ᠢ ᠦᠨᠳᠦᠰᠦᠯᠡᠨ᠂ ᠪᠦᠬᠦ ᠬᠤᠰᠢᠭᠤᠨ ᠤ ᠡᠯ᠎ᠡ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠭᠦᠳᠡᠨ ᠡᠮᠨᠡᠯᠭᠡ ᠳᠤ ᠨᠡᠶᠢᠳᠡᠮ ᠪᠠᠶᠢᠴᠠᠭᠠᠯᠲᠠ ᠬᠢᠵᠦ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠪᠠ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠥᠨᠳᠥᠷ ᠳᠠᠷᠤᠯᠲᠠᠲᠤ ᠪᠠᠶᠢᠳᠠᠯ ᠢ ᠪᠠᠬᠢᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠬᠠᠮᠠᠭᠠᠯᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号