ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠠᠷᠠᠳ ᠣᠯᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠦᠷᠭᠦᠯᠵᠢᠯᠡᠨ ᠳᠡᠭᠡᠭᠰᠢᠯᠡᠭᠦᠯᠵᠦ᠂ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ | 4 ᠰᠠᠷ᠎ᠠ ᠶᠢᠨ 13 ᠤ ᠡᠳᠦᠷ᠂ 15 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ | ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠲᠤᠰ ᠲᠤᠰ ᠬᠠᠤᠯᠢ ᠪᠠᠷ ᠵᠠᠰᠠᠬᠤ ᠰᠣᠶᠣᠯ ᠤᠨ | ᠠᠭᠤᠳᠠᠮ ᠲᠠᠯᠠᠪᠠᠢ ᠪᠠ ᠲᠦᠰᠢᠶᠡᠲᠦ ᠲᠠᠯᠠᠪᠠᠢ ᠳᠤ ︽ᠭᠠᠵᠢᠭᠤ ᠨᠣᠮᠯᠠᠯ ᠢ ᠰᠡᠷᠭᠡᠶᠢᠯᠡᠨ ᠡᠰᠡᠷᠭᠦᠴᠡᠨ ᠤᠯᠤᠰ ᠤᠨ | ᠠᠮᠤᠷ ᠲᠦᠪᠰᠢᠨ ᠢ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠠᠵᠢᠯᠲᠠᠳ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠤᠯᠤᠰ ᠤᠨ | ᠠᠮᠤᠷ ᠲᠦᠪᠰᠢᠨ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ | ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠲᠠᠶᠢᠯᠪᠤᠷᠢᠯᠠᠭᠰᠠᠨ ᠪᠥᠭᠡᠳ ᠯᠠᠪᠯᠠᠭ᠎ᠠ ᠳᠤ ᠬᠠᠷᠢᠭᠤᠯᠲᠠ ᠥᠭᠭᠦᠭᠰᠡᠨ | ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠲᠠᠩᠨᠠᠭᠤᠯ ᠢ ᠡᠰᠡᠷᠭᠦᠴᠡᠬᠦ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠵᠢᠯ ᠤᠨ ᠲᠣᠭᠲᠠᠭᠠᠯ︾ ᠢ ᠰᠤᠷᠤᠯᠴᠠᠨ ᠲᠤᠤᠱᠯᠠᠭᠤᠯᠬᠤ ᠤᠩᠰᠢᠬᠤ ᠪᠢᠴᠢᠭ᠂ ︽ᠰᠢᠨᠵᠢᠯᠡᠬᠦ | ᠤᠬᠠᠭᠠᠨ ᠢ ᠡᠷᠬᠢᠮᠯᠡᠨ ᠭᠠᠵᠢᠭᠤ ᠨᠣᠮᠯᠠᠯ ᠠᠴᠠ ᠵᠠᠶᠢᠳᠠᠭᠤᠯᠬᠤ︾ ᠮᠡᠳᠡᠯᠭᠡ ᠶᠢᠨ ᠭᠠᠷ ᠳᠡᠪᠲᠡᠷ ᠵᠡᠷᠭᠡ | ᠤᠬᠠᠭᠤᠯᠭ᠎ᠠ ᠶᠢᠨ ᠮᠠᠲ᠋ᠧᠷᠢᠶᠠᠯ ᠢ 100 ᠭᠠᠷᠤᠢ ᠬᠤᠪᠢ ᠲᠠᠷᠬᠠᠭᠠᠵᠤ᠂ ᠴᠠᠭᠠᠰᠤᠨ ᠠᠯᠴᠢᠭᠤᠷ᠂ ᠤᠰᠤᠨ ᠴᠣᠮᠣ᠂ | ᠳᠠᠷᠪᠠᠭᠤᠯᠲᠤ ᠪᠥᠰ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 100 ᠭᠠᠷᠤᠢ ᠲᠠᠷᠬᠠᠭᠠᠵᠤ᠂ ᠲᠤᠬᠠᠢ ᠶᠢᠨ | ᠲᠠᠯᠠᠪᠠᠢ ᠳᠤ ᠨᠡᠶᠢᠲᠡ 100 ᠭᠠᠷᠤᠢ ᠣᠯᠠᠨ ᠲᠦᠮᠡᠨ ᠠᠵᠢᠯᠯᠠᠭ᠎ᠠ ᠳᠤ ᠣᠷᠣᠯᠴᠠᠵᠠᠢ᠃ | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠵᠢᠴᠢ ᠭᠠᠵᠢᠭᠤ ᠨᠣᠮᠯᠠᠯ ᠢ ᠢᠯᠭᠠᠨ ᠲᠠᠨᠢᠬᠤ ᠪᠠ ᠬᠤᠷᠢᠭᠯᠠᠬᠤ | ᠤᠬᠠᠮᠰᠠᠷ ᠪᠠ ᠴᠢᠳᠠᠪᠤᠷᠢ ᠶᠢ ᠪᠦᠲᠦᠮᠵᠢᠲᠡᠢ ᠪᠠᠷ ᠳᠡᠭᠡᠭᠰᠢᠯᠡᠭᠦᠯᠪᠡ᠃ ᠵᠠᠷᠢᠮ ᠣᠯᠠᠨ ᠲᠦᠮᠡᠨ᠂ ᠰᠠᠶᠢᠨ | ᠤᠬᠠᠭᠤᠯᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠪᠣᠯᠵᠤ᠂ ᠠᠮᠤᠷ ᠠᠮᠤᠭᠤᠯᠠᠩ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ | ᠃ |