ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠦᠷᠦᠭᠦᠦ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/4/16
   4 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠲᠡᠷᠢᠭᠦᠨ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠬᠤᠰᠢᠭᠤᠨ ᠤ ᠰᠢᠭᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠤ ᠳᠤᠮᠳᠠ ᠫᠠᠶᠢᠰᠠ ᠡᠯᠭᠦᠨ ᠪᠠᠶᠢᠭᠤᠯᠤᠭᠳᠠᠵᠤ᠂ ᠬᠤᠰᠢᠭᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠲᠤᠰᠬᠠᠢ ᠲᠤᠰᠢᠶᠠᠯᠲᠤ ᠳᠡᠳ᠋ ᠳᠠᠷᠤᠭ᠎ᠠ ᠴᠢ᠂ ᠰᠡᠷᠬᠦᠯᠡᠩ᠂ ᠬᠤᠰᠢᠭᠤᠨ ᠤ ᠰᠢᠭᠦᠬᠦ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠳᠠᠷᠤᠭ᠎ᠠ ᠴᠢᠰᠡᠷᠬᠦᠯᠡᠩ᠂ ᠬᠤᠰᠢᠭᠤᠨ ᠤ ᠰᠢᠭᠦᠬᠦ ᠬᠤᠷᠢᠶᠠᠨ ᠤ ᠲᠤᠰᠬᠠᠢ ᠮᠡᠷᠭᠡᠵᠢᠯᠲᠡᠨ ᠸᠠᠩ ᠯᠢ ᠮᠧᠢ᠂ ᠲᠡᠷᠢᠭᠦᠨ ᠲᠤᠰᠬᠠᠢ ᠮᠡᠷᠭᠡᠵᠢᠯᠲᠡᠨ ᠸᠠᠩ ᠳ᠋ᠠᠨ ᠳ᠋ᠠᠨ᠂ ᠪᠢᠯᠢᠭᠰᠡᠴᠡᠨ᠂ ᠠᠯᠲᠠᠨᠭᠤᠸ᠎ᠠ ᠫᠠᠶᠢᠰᠠ ᠡᠯᠭᠦᠬᠦ ᠶᠣᠰᠣᠯᠠᠯ ᠳᠤ ᠣᠷᠣᠯᠴᠠᠭᠰᠠᠨ ᠪᠥᠭᠡᠳ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃    ᠠᠬᠢᠭᠤᠯᠬᠤ ᠬᠤᠷᠠᠯ ᠳᠡᠭᠡᠷ᠎ᠡ᠂ ᠬᠤᠰᠢᠭᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ᠂ ᠬᠤᠰᠢᠭᠤᠨ ᠤ ᠰᠢᠭᠦᠬᠦ ᠬᠤᠷᠢ᠊ ᠡᠶ᠎ᠡ᠂ ᠲᠦᠷᠦᠭᠦᠦ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠲᠦᠷᠦᠭᠦᠴᠢ ᠶᠢᠨ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠦᠢᠯᠡᠳᠦᠯ ᠢ ᠬᠡᠷᠬᠢᠨ ᠪᠠᠳᠠᠷᠠᠭᠤᠯᠬᠤ᠂ ᠦᠨᠳᠦᠰᠦᠨ ᠱᠠᠲᠤᠨ ᠳᠤ ᠦᠢᠯᠡᠴᠢᠯᠡᠬᠦ ᠬᠠᠤᠯᠢ ᠪᠠᠷ ᠵᠠᠰᠠᠬᠤ ᠦᠢᠯᠡᠳᠦᠯᠭᠡ ᠶᠢᠨ ᠲᠤᠬᠠᠢ ᠶᠠᠷᠢᠯᠴᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠ ᠠᠵᠢᠯ ᠤᠨ ᠲᠣᠭᠲᠠᠴᠠ ᠶᠢᠨ ᠬᠤᠯᠪᠣᠭᠠᠯᠠᠨ ᠬᠥᠳᠡᠯᠦᠯᠴᠡᠬᠦ ᠲᠠᠯ᠎ᠠ ᠪᠠᠷ ᠬᠠᠮᠢᠶ᠎ᠠ ᠪᠦᠬᠦᠢ ᠰᠠᠨᠠᠯ ᠪᠠ ᠰᠠᠨᠠᠭᠤᠯᠭ᠎ᠠ ᠳᠤᠷᠠᠳᠪᠠ᠃    ︽ᠲᠦᠷᠦᠭᠦᠴᠢ ᠶᠢᠨ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠰᠢᠭᠦᠬᠦ ᠬᠤᠷᠢ᠊ ᠡᠶ᠎ᠡ︾ ᠶᠢᠨ ᠠᠵᠢᠯ ᠤᠨ ᠥᠷᠲᠡᠭᠡ ᠶᠢ ᠨᠠᠶᠢᠳᠠᠪᠤᠷᠢᠵᠢᠭᠤᠯᠤᠨ ᠠᠵᠢᠯᠯᠠᠭᠤᠯᠵᠤ᠂ ᠲᠦᠷᠦᠭᠦᠴᠢ ᠶᠢᠨ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ︽ᠲᠦᠷᠪᠡᠨ ᠴᠢᠬᠤᠯᠠ ᠶᠡᠭᠡ︾ ᠵᠦᠢᠯᠡᠰ ᠲᠤ ᠨᠤᠲᠠᠯᠠᠯᠲᠠ ᠬᠢᠬᠦ ᠪᠠ ᠦᠨᠳᠦᠰᠦᠨ ᠱᠠᠲᠤᠨ ᠤ ᠬᠠᠤᠯᠢᠵᠢᠯ ᠤᠨ ᠦᠢᠯᠡᠳᠦᠯᠭᠡ ᠳᠤ ᠦᠢᠯᠡᠴᠢᠯᠡᠬᠦ ᠳᠤ ᠨᠡᠩ ᠥᠷᠭᠡᠨ ᠠᠭᠤᠳᠠᠮ ᠲᠠᠪᠴᠠᠩ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠢᠨ ᠲᠡᠷᠢᠭᠦᠨ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠢ ᠭᠦᠢᠴᠡᠳ ᠳᠠᠶᠢᠴᠢᠯᠠᠵᠤ᠂ ︽ᠲᠡᠷᠢᠭᠦᠨ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ︾ ᠳᠤ ᠲᠦᠰᠢᠭᠯᠡᠨ ᠵᠠᠷᠭᠤ ᠶᠢᠨ ᠢᠷᠡᠯᠲᠡ ᠶᠢᠨ ᠵᠠᠰᠠᠯᠲᠠ ᠳᠤ ᠣᠷᠣᠯᠴᠠᠵᠤ᠂ ︽ᠳᠥᠷᠪᠡᠨ ᠴᠢᠬᠤᠯᠠ ᠶᠡᠭᠡ︾ ᠶᠢᠨ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠦ᠂ ᠳᠥᠭᠦᠮ ᠳᠥᠲᠡ᠂ ᠥᠨᠳᠥᠷ ᠪᠦᠲᠦᠮᠵᠢᠲᠡᠢ᠂ ᠲᠤᠰᠬᠠᠢ ᠮᠡᠷᠭᠡᠵᠢᠯ ᠤᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠬᠡᠷᠡᠭ ᠨᠢᠭᠡᠪᠦᠷᠢ ᠠᠴᠠ ᠠᠷᠠᠳ ᠣᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠨ᠎ᠠ᠃    ᠬᠤᠷᠠᠯ ᠳᠡᠭᠡᠷ᠎ᠡ ᠪᠠᠰᠠ ᠰᠢᠨ᠎ᠡ ᠪᠠᠷ ᠤᠷᠢᠵᠤ ᠬᠡᠷᠡᠭᠯᠡᠭᠰᠡᠨ ᠬᠤᠶᠠᠷ ᠠᠬᠠᠯᠠᠬᠤ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号