4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠸᠠᠩ ᠬᠠᠢ ᠶᠢᠩ ᠬᠠᠮᠢᠶ᠎ᠠ ᠪᠦᠬᠦᠢ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢ ᠳᠠᠭᠠᠭᠤᠯᠤᠨ ᠬᠠᠢ ᠨᠧᠢ ᡁᠢ ᠲᠧᠦ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠵᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠰᠢᠨ᠎ᠡ ᠰᠣᠷᠭᠤᠭ ᠢᠳᠡᠭᠡᠨ ᠤ ᠡᠷᠳᠡᠨᠢ | ᠰᠢᠰᠢ ᠶᠢᠨ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠬᠤᠳᠠᠯᠳᠤᠭᠠᠴᠢᠨ ᠤᠷᠢᠬᠤ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠬᠢᠷᠠᠭᠤᠯᠤᠨ ᠠᠬᠢᠭᠤᠯᠪᠠ᠃ | ᠬᠠᠢ ᠨᠧᠢ ᡁᠢ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠢ ᠠᠬᠢᠭᠤᠯᠬᠤ᠂ ᠰᠢᠨ ᠰᠢᠤᠸᠠᠨ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ | ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠨᠢ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠢ ᠬᠠᠮᠤᠷᠴᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠭᠠᠵᠠᠷ ᠰᠢᠷᠣᠢ ᠶᠢᠨ ᠡᠬᠢ ᠪᠠᠶᠠᠯᠢᠭ ᠢ ᠥᠨᠳᠥᠷ | ᠪᠦᠲᠦᠮᠵᠢᠲᠡᠢ ᠪᠠᠷ ᠠᠰᠢᠭᠯᠠᠬᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ | ᠪᠦᠲᠦᠮᠵᠢᠲᠡᠢ ᠠᠬᠢᠭᠤᠯᠵᠤ᠂ ᠠᠮᠤ ᠪᠤᠳᠠᠭ᠎ᠠ ᠡᠳ᠋ᠰᠢᠭᠦᠯᠬᠦ ᠮᠡᠷᠭᠡᠵᠢᠯ ᠤᠨ ᠬᠢᠷᠢ ᠲᠦᠪᠰᠢᠨ ᠪᠠ ᠦᠢᠯᠡᠳᠬᠦᠨ ᠤ ᠶᠠᠰᠤ | ᠴᠢᠨᠠᠷ ᠢ ᠳᠡᠭᠡᠭᠰᠢᠯᠡᠭᠦᠯᠦᠨ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠴᠢᠳᠠᠪᠤᠷᠢ ᠶᠢ | ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ | ᠲᠤᠰ ᠤᠳᠠᠭᠠᠨ ᠤ ᠲᠣᠬᠢᠷᠠᠭᠤᠯᠤᠯᠲᠠ ᠪᠠᠷ ᠳᠠᠮᠵᠢᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠬᠠᠷᠠᠯᠲᠠ | ᠡᠭᠦᠷᠭᠡ ᠶᠢ ᠲᠣᠳᠣᠷᠬᠠᠶᠢᠯᠠᠪᠠ᠃ ᠲᠥᠷᠥᠯ ᠵᠦᠢᠯ ᠤᠨ ᠥᠮᠴᠢᠲᠡᠨ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ | ᠠᠮᠵᠢᠨ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ | ᠪᠠᠶᠢᠯᠳᠤᠵᠤ᠂ ᠲᠥᠷᠥᠯ ᠵᠦᠢᠯ ᠤᠨ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠠᠬᠢᠭᠤᠯᠪᠠ︔ | ᠡᠯ᠎ᠡ ᠬᠤᠯᠪᠣᠭᠳᠠᠯ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ︽ᠦᠢᠯᠡᠴᠢᠯᠡᠭᠴᠢ︾ ︽ᠠᠰᠠᠷᠠᠭᠴᠢ ᠮᠠᠶ᠋ᠢᠭ︾ ᠤᠨ | ᠦᠢᠯᠡᠴᠢᠯᠡᠭᠡ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠬᠦᠴᠢᠷᠳᠡᠯ᠂ ᠲᠦᠭᠵᠢᠷᠡᠯ ᠢ | ᠴᠠᠭ ᠲᠤᠬᠠᠢ ᠳᠤᠨᠢ ᠬᠠᠪᠰᠤᠷᠤᠨ ᠵᠣᠬᠢᠴᠠᠭᠤᠯᠵᠤ᠂ ᠲᠥᠷᠥᠯ ᠵᠦᠢᠯ ᠤᠨ ᠡᠮᠬᠢ ᠵᠢᠷᠤᠮ ᠲᠠᠢ ᠠᠬᠢᠬᠤ ᠶᠢ ᠦᠨᠡᠨ ᠬᠦ | ᠪᠠᠲᠤᠯᠠᠨ᠎ᠠ᠃ | ᠬᠤᠰᠢᠭᠤᠨ ᠤ ᠤᠳᠤᠷᠢᠳᠤᠯᠭ᠎ᠠ ᠴᠡᠩᠭᠡᠯᠳᠦ᠂ ᠲᠦᠩ ᠬᠤᠩ ᠶᠠᠨ᠂ ᠪᠠᠭᠠᠲᠤᠷ᠂ ᠴᠧᠨ ᠴᠢᠩ ᠬᠤᠸᠠ᠂ ᠹᠧᠩ | ᠵᠢᠶᠠᠨ ᠵᠦᠩ ᠣᠷᠣᠯᠴᠠᠵᠠᠢ᠃ |