ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠬᠠᠶᠢᠷ᠎ᠠ ᠬᠠᠯᠠᠮᠵᠢ ᠶᠢᠨ ᠬᠠᠨᠳᠢᠪᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
   4 ᠰᠠᠷ᠎ᠠ ᠶᠢᠨ 15 ᠤ ᠡᠳᠦᠷ᠂ ᠲᠥᠪ ᠤᠨ ᠤᠬᠠᠭᠤᠯᠬᠤ ᠬᠡᠯᠲᠡᠰ ᠤᠨ ᠬᠥᠮᠦᠨ ᠤ ᠡᠷᠬᠡ ᠶᠢᠨ ᠬᠥᠭᠵᠢᠯᠲᠡ ᠪᠠ ᠰᠣᠯᠢᠯᠴᠠᠭᠠᠨ ᠤ ᠲᠥᠪ ᠤᠨ ᠡᠷᠬᠢᠯᠡᠭᠴᠢ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠽᠦᠸᠧ ᠹᠧᠩ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠰᠠᠭᠤᠷᠢ ᠮᠥᠩᠭᠦᠨ ᠤ ᠬᠡᠯᠲᠡᠰ ᠤᠨ ᠡᠷᠬᠢᠯᠡᠭᠴᠢ ᠵᠢᠶᠠ ᠬᠤᠶ ᠰᠢᠶᠠ ᠨᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠬᠠᠶᠢᠷ᠎ᠠ ᠬᠠᠯᠠᠮᠵᠢ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃    ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠭᠤᠰᠣᠨ ᠡᠭᠦᠷ᠂ ᠥᠨᠥᠴᠢᠨ ᠪᠡᠯᠪᠡᠰᠦᠨ ᠨᠠᠰᠤᠲᠠᠳ ᠲᠤ ᠬᠠᠨᠳᠢᠪᠯᠠᠬᠤ ᠶᠣᠰᠣᠯᠠᠯ ᠪᠠᠶᠠᠨᠬᠤᠰᠢᠭᠤ ᠪᠠᠯᠭᠠᠰᠤᠨ ᠤ ᠰᠢᠷᠭ᠎ᠠ ᠭᠠᠴᠠᠭ᠎ᠠ ᠳᠤ ᠶᠠᠪᠤᠭᠳᠠᠪᠠ᠃ ᠰᠢᠷᠭ᠎ᠠ ᠭᠠᠴᠠᠭᠠᠨ ᠤ ᠪᠡᠯᠡᠭᠯᠡᠨ ᠬᠦᠷᠭᠡᠭᠳᠡᠭᠰᠡᠨ ᠨᠠᠰᠤᠲᠠᠶᠢᠴᠤᠳ ᠠᠯᠢ ᠡᠷᠲᠡ ᠲᠤᠬᠠᠢ ᠶᠢᠨ ᠲᠠᠯᠠᠪᠠᠢ ᠳᠤ ᠬᠦᠯᠢᠶᠡᠵᠦ᠂ ᠽᠦᠸᠧ ᠹᠧᠩ ᠲᠡᠳᠡᠨ ᠲᠠᠢ ᠳᠣᠲᠣᠨᠣᠰᠤᠭ ᠢᠶᠠᠷ ᠶᠠᠷᠢᠯᠴᠠᠵᠤ᠂ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠬᠠᠶᠢᠷ᠎ᠠ ᠬᠠᠯᠠᠮᠵᠢ ᠶᠢᠨ ᠮᠥᠩᠭᠦ ᠶᠢ ᠨᠠᠰᠤᠲᠠᠶᠢᠴᠤᠳ ᠲᠤ ᠬᠦᠷᠭᠡᠵᠦ᠂ ᠲᠡᠳᠡᠨ ᠢ ᠪᠡᠶ᠎ᠡ ᠪᠠᠨ ᠭᠠᠮᠨᠠᠭᠠᠷᠠᠢ ᠭᠡᠵᠦ ᠵᠠᠬᠢᠪᠠ᠃    ᠲᠤᠰ ᠤᠳᠠᠭᠠᠨ ᠤ ᠬᠠᠨᠳᠢᠪᠯᠠᠨ ᠬᠦᠷᠭᠡᠬᠦ ᠠᠵᠢᠯᠯᠠᠭ᠎ᠠ ᠳᠤ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠭᠤᠰᠣᠨ ᠡᠭᠦᠷ᠂ ᠥᠨᠥᠴᠢᠨ ᠪᠡᠯᠪᠡᠰᠦᠨ ᠨᠠᠰᠤᠲᠠᠳ ᠲᠤ 12 ᠲᠦᠮᠡᠨ ᠲᠥᠭᠦᠷᠢᠭ ᠤᠨ ᠬᠠᠶᠢᠷ᠎ᠠ ᠬᠠᠯᠠᠮᠵᠢ ᠶᠢᠨ ᠮᠥᠩᠭᠦ ᠬᠠᠨᠳᠢᠪᠯᠠᠵᠤ᠂ ᠮᠧᠩ ᠧᠨ ᠲᠣᠯᠣᠭᠠᠢ ᠶᠢᠨ ᠠᠭᠤᠷᠬᠠᠢ ᠶᠢᠨ ᠣᠷᠣᠨ ᠤ ᠠᠵᠢᠯ ᠤᠨ ᠬᠡᠯᠲᠡᠰ᠂ ᠪᠦᠳᠦᠭᠦᠨ ᠠᠭᠤᠷᠬᠠᠢ ᠶᠢᠨ ᠣᠷᠣᠨ ᠤ ᠠᠵᠢᠯᠯᠠᠬᠤ ᠬᠡᠯᠲᠡᠰ᠂ ᠬᠤᠶᠠᠷᠰᠤᠮᠤ ᠪᠠᠯᠭᠠᠰᠤ᠂ ᠪᠠᠶᠠᠨᠬᠤᠰᠢᠭᠤ ᠪᠠᠯᠭᠠᠰᠤ ᠵᠡᠷᠭᠡ 7 ᠰᠤᠮᠤ ᠪᠠᠯᠭᠠᠰᠤᠨ ᠤ 240 ᠨᠡᠷ᠎ᠡ ᠬᠤᠭᠤᠰᠣᠨ ᠡᠭᠦᠷ᠂ ᠥᠨᠥᠴᠢᠨ ᠪᠡᠯᠪᠡᠰᠦᠨ ᠨᠠᠰᠤᠲᠠᠨ ᠳᠤ ᠲᠤᠰ ᠲᠤᠰ ᠲᠠᠷᠬᠠᠭᠠᠪᠠ᠃    ᠽᠦᠸᠧ ᠹᠧᠩ ᠨᠠᠷ ᠪᠠᠰᠠ ᠲᠥᠪ ᠤᠨ ᠤᠬᠠᠭᠤᠯᠬᠤ ᠬᠡᠯᠲᠡᠰ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠠᠷᠪᠠᠨ ᠵᠢᠯ ᠳᠤ ᠮᠢᠩᠭᠠᠨ ᠮᠦ ᠣᠢ︾ ᠶᠢᠨ 2022 ᠣᠨ ᠤ ᠨᠡᠶᠢᠲᠡ ᠶᠢᠨ ᠠᠰᠠᠷᠠᠮᠵᠢ ᠶᠢᠨ ᠣᠶᠢᠵᠢᠭᠤᠯᠤᠯᠲᠠ ᠶᠢᠨ ᠲᠥᠷᠥᠯ ᠵᠦᠢᠯ ᠤᠨ ᠭᠠᠵᠠᠷ ᠲᠤ ᠭᠦᠨᠵᠡᠭᠡᠶᠢᠷᠡᠨ ᠨᠡᠶᠢᠲᠡ ᠶᠢᠨ ᠠᠰᠠᠷᠠᠮᠵᠢ ᠶᠢᠨ ᠣᠢ ᠶᠢᠨ ᠤᠷᠭᠤᠯᠳᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃    ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠪᠣᠯ ᠲᠥᠪ ᠤᠨ ᠤᠬᠠᠭᠤᠯᠬᠤ ᠬᠡᠯᠲᠡᠰ ᠠᠴᠠ ᠭᠤᠣᠯᠯᠠᠨ ᠬᠠᠮᠢᠶᠠᠷᠴᠤ ᠪᠠᠶᠢᠭ᠎ᠠ ᠬᠥᠮᠦᠨ ᠤ ᠡᠷᠬᠡ ᠶᠢᠨ ᠤᠬᠠᠭᠤᠯᠭ᠎ᠠ᠂ ᠣᠯᠠᠨ ᠤᠯᠤᠰ ᠤᠨ ᠰᠣᠯᠢᠯᠴᠠᠭ᠎ᠠ ᠪᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠬᠢᠬᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ᠎ᠠ᠃ ᠲᠥᠪ ᠤᠨ ᠤᠬᠠᠭᠤᠯᠬᠤ ᠬᠡᠯᠲᠡᠰ ᠴᠡᠭ ᠲᠣᠭᠲᠠᠭᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠠᠪᠰᠤᠷᠤᠨ ᠲᠡᠳᠬᠦᠭᠰᠡᠨ ᠠᠴᠠ ᠨᠠᠰᠢ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠰᠤᠷᠭᠠᠨ ᠬᠥᠮᠦᠵᠢᠯ ᠤᠨ ᠦᠢᠯᠡᠰ ᠪᠠ ᠨᠠᠰᠤᠲᠠᠶᠢᠴᠤᠳ ᠢ ᠬᠠᠪᠰᠤᠷᠤᠨ ᠶᠠᠳᠠᠭᠤ ᠶᠢ ᠲᠡᠳᠬᠦᠬᠦ ᠠᠵᠢᠯ ᠢ ᠢᠳᠡᠪᠬᠢᠲᠡᠢ ᠳᠡᠮᠵᠢᠪᠡ᠃ 2017 ᠣᠨ ᠠᠴᠠ ᠡᠬᠢᠯᠡᠨ ᠵᠢᠯ ᠪᠦᠷᠢ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢᠶᠠᠷ ᠳᠠᠮᠵᠢᠨ 240 ᠥᠨᠥᠴᠢᠨ ᠪᠡᠯᠪᠡᠰᠦᠨ ᠨᠠᠰᠤᠲᠠᠨ ᠢ ᠬᠠᠪᠰᠤᠷᠤᠨ ᠲᠡᠳᠬᠦᠵᠦ᠂ 8 ᠵᠢᠯ ᠤᠨ ᠲᠤᠷᠰᠢ᠂ ᠬᠠᠨᠳᠢᠪᠯᠠᠨ ᠬᠦᠷᠭᠡᠭᠰᠡᠨ ᠵᠣᠭᠤᠰ ᠤᠨ ᠲᠤᠭ᠎ᠠ ᠨᠢ 96 ᠲᠦᠮᠡᠨ ᠲᠥᠭᠦᠷᠢᠭ ᠢ ᠳᠠᠪᠠᠵᠤ᠂ 1920 ᠬᠤᠭᠤᠰᠣᠨ ᠡᠭᠦᠷ᠂ ᠥᠨᠥᠴᠢᠨ ᠪᠡᠯᠪᠡᠰᠦᠨ ᠨᠠᠰᠤᠲᠠᠨ ᠳᠤᠮᠳᠠ ᠠᠴᠠ ᠨᠢ ᠠᠰᠢᠭ ᠬᠦᠷᠲᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号