ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2024/4/16
   4 ᠰᠠᠷ᠎ᠠ ᠳᠤ᠂ ᠬᠠᠪᠤᠷ ᠤᠨ ᠤᠷᠢᠬᠠᠨ ᠰᠠᠯᠬᠢᠨ ᠤ ᠠᠶᠠᠰ ᠢᠶᠠᠷ ᠬᠢᠩᠭᠠᠨ ᠡᠩᠭᠡᠷ ᠢᠶᠠᠷ ᠥᠩᠭᠡᠷᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠠᠵᠢᠯ ᠡᠬᠢᠯᠡᠭᠦᠯᠬᠦ ᠪᠦᠷᠢᠳᠦ ᠶᠢ ᠵᠢᠩᠬᠢᠨᠢ ᠪᠠᠷ ᠬᠠᠩᠭᠢᠨᠠᠭᠤᠯᠵᠤ᠂ ᠪᠦᠬᠦ ᠵᠢᠯ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠬᠥᠰᠢᠭᠡ ᠶᠢ ᠰᠡᠬᠦᠪᠡ᠃    ᠬᠡᠳᠦᠨ ᠡᠳᠦᠷ ᠤᠨ ᠳᠤᠷᠰᠢ᠂ ᠤᠮᠠᠷᠠᠲᠤ ᠥᠷᠭᠡᠷᠢᠭ ᠤᠨ 47 ᠭᠷᠠᠳᠦ᠋ᠰ ᠤᠨ ᠵᠠᠮ ᠳᠠᠭᠠᠤ ᠭᠠᠵᠠᠷ ᠲᠤ ᠬᠠᠲᠤᠨ ᠭᠤᠣᠯ ᠤᠨ ᠡᠯᠡᠰᠦ ᠶᠢ ᠣᠨᠢᠰᠤᠯᠠᠬᠤ᠂ ᠰᠢᠨ᠎ᠡ ᠨᠣᠭᠤᠭᠠᠨ ᠥᠩᠭᠡ ᠶᠢ ᠲᠠᠷᠢᠬᠤ ᠶᠠᠭᠠᠷᠠᠯᠲᠠᠢ ᠪᠠᠶᠢᠳᠠᠯ ᠬᠠᠷᠠᠭᠳᠠᠵᠤ ᠪᠠᠶᠢᠨ᠎ᠠ᠃ ᠬᠤᠶᠠᠷ ᠰᠤᠮᠤ ᠪᠠᠯᠭᠠᠰᠤᠨ ᠤ ᠬᠤᠸᠠ ᠳ᠋ᠧᠩ ᠭᠠᠴᠠᠭᠠᠨ ᠤ 5000 ᠮᠦ ᠬᠠᠭᠠᠰ ᠨᠡᠭᠦᠳᠡᠯ ᠡᠯᠡᠰᠦᠨ ᠳᠣᠪᠤ ᠲᠠᠢ ᠪᠦᠰᠡ ᠠᠴᠠ ᠭᠤᠣᠯ ᠤᠨ ᠪᠠᠶᠢᠰᠢᠩ ᠪᠠᠯᠭᠠᠰᠤᠨ ᠤ ᠰᠡᠶᠢᠷᠡᠭ ᠣᠢ ᠨᠤᠲᠤᠭ ᠪᠡᠯᠴᠢᠭᠡᠷ ᠤᠨ ᠵᠢᠱᠢᠶ᠎ᠡ ᠦᠵᠡᠭᠦᠯᠬᠦ ᠣᠷᠣᠨ ᠢ ᠰᠡᠷᠭᠦᠭᠡᠬᠦ ᠬᠦᠷᠲᠡᠯ᠎ᠡ᠂ ᠪᠠᠶᠠᠨᠨᠠᠭᠤᠷ ᠰᠤᠮᠤ ᠶᠢᠨ ᠬᠦᠢᠯᠡᠰᠦᠲᠠᠢ ᠭᠠᠴᠠᠭᠠᠨ ᠤ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠲᠣᠭᠤᠷᠢᠭ ᠠᠴᠠ ᠰᠢᠨᠠᠵᠠᠮ ᠰᠤᠮᠤ ᠶᠢᠨ ᠬᠤᠯᠪᠣᠭ᠎ᠠ ᠭᠠᠴᠠᠭ᠎ᠠ ᠶᠢᠨ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠰᠠᠭᠤᠷᠢᠨ ᠭᠠᠵᠠᠷ ᠬᠦᠷᠲᠡᠯ᠎ᠡ ᠁ ᠵᠢᠷᠭᠤᠭᠠᠨ ᠶᠡᠭᠡ ᠵᠠᠰᠠᠯᠲᠠ ᠶᠢᠨ ᠲᠤᠬᠠᠢ ᠶᠢᠨ ᠲᠠᠯᠠᠪᠠᠢ ᠳᠤ ᠬᠥᠮᠦᠨ ᠤ ᠤᠷᠤᠰᠭᠠᠯ ᠬᠥᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃    ︽ᠬᠠᠯᠴᠠᠭᠠᠢ ᠭᠠᠵᠠᠷ ᠢ ᠤᠰᠠᠳᠬᠠᠬᠤ︾᠂ ︽ᠡᠯᠡᠰᠦ ᠮᠠᠩᠬ᠎ᠠ ᠶᠢ ᠵᠠᠰᠠᠬᠤ︾᠂ ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ︾᠂ ᠠᠭᠤᠯᠠ ᠤᠰᠤ ᠣᠢ ᠮᠣᠳᠣ ᠭᠠᠵᠠᠷ ᠳᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠰᠠᠯᠬᠢ ᠡᠯᠡᠰᠦ ᠲᠠᠢ ᠲᠡᠮᠡᠴᠡᠵᠦ᠂ ᠬᠤᠵᠢᠷᠯᠢᠭ ᠭᠠᠵᠠᠷ ᠢ ᠰᠠᠶᠢᠨ ᠲᠠᠷᠢ᠊ ᠡᠶ᠎ᠡ ᠪᠣᠯᠭᠠᠬᠤ ᠬᠡᠷᠡᠭᠲᠡᠢ ᠁ ᠡᠯᠡᠰᠦ ᠤᠷᠤᠭᠰᠢᠯᠠᠵᠤ ᠬᠥᠮᠦᠰ ᠤᠬᠤᠷᠢᠵᠤ ᠪᠠᠶᠢᠭᠰᠠᠨ ᠠᠴᠠ ᠨᠣᠭᠤᠭᠠᠷᠠᠭᠤᠯᠤᠯᠲᠠ ᠤᠷᠤᠭᠰᠢᠯᠠᠵᠤ᠂ ᠨᠠᠷᠠ ᠮᠠᠨᠳᠤᠵᠤ᠂ ᠡᠯᠡᠰᠦ ᠶᠢ ᠵᠠᠰᠠᠵᠤ ᠪᠠᠶᠢᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠰ ᠨᠣᠭᠤᠭᠠᠨ ᠥᠩᠭᠡ ᠶᠢ ᠬᠥᠭᠡᠭᠡᠴᠡᠯᠳᠦᠬᠦ ᠵᠠᠮ ᠳᠡᠭᠡᠷ᠎ᠡ ᠶᠡᠷᠦ ᠠᠴᠠ ᠠᠯᠬᠤᠭ᠎ᠠ ᠦᠭᠡᠢ ᠪᠠᠶᠢᠵᠤ᠂ ᠢᠮᠠᠭᠲᠠ ᠪᠣᠳᠠᠲᠤ ᠠᠵᠢᠯᠯᠠᠭ᠎ᠠ ᠪᠠᠷ ᠢᠶᠠᠨ ︽ᠤᠯᠤᠰ ᠤᠨ ᠶᠡᠭᠡ ᠶᠠᠪᠤᠳᠠᠯ︾ ᠤᠨ ᠤᠭ ᠰᠠᠨᠠᠭ᠎ᠠ ᠪᠠ ᠡᠭᠦᠷᠭᠡᠯᠡᠯ ᠢ ᠦᠢᠯᠡᠳᠦᠯᠭᠡᠵᠢᠭᠦᠯᠵᠡᠢ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠢ ᠳᠤ ᠪᠠᠶᠢᠷᠢᠯᠠᠵᠤ᠂ ︽ᠨᠠᠢᠮᠠᠨ ᠵᠠᠭᠤᠨ ᠭᠠᠵᠠᠷ ᠤᠨ ᠬᠠᠨ ᠲᠠᠩᠭᠢᠰ︾ - ᠬᠤᠷᠴᠢᠨ ᠤ ᠡᠯᠡᠰᠦᠷᠬᠡᠭ ᠭᠠᠵᠠᠷ ᠤᠨ ᠬᠢᠯᠢ ᠳᠠᠭᠠᠤ ᠣᠷᠣᠨ ᠳᠤ ᠪᠠᠶᠢᠷᠢᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠵᠠᠭᠠᠭ ᠣᠷᠣᠨ ᠳᠤ ᠭᠠᠳᠠᠭᠰᠢ ᠳᠡᠯᠭᠡᠷᠡᠬᠦ ᠶᠢ ᠬᠤᠷᠢᠭᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠤᠢ᠃    ᠤᠤᠯ ᠨᠢ ᠲᠡᠷᠡ ᠬᠤᠶᠠᠷ ᠳᠠᠭᠠᠪᠤᠷᠢ ᠲᠠᠢ᠂ ᠨᠢᠭᠡ ᠨᠢ ᠲᠠᠯ᠎ᠠ᠂ ᠨᠢᠭᠡ ᠨᠢ ᠡᠯᠡᠰᠦᠨ ᠭᠠᠵᠠᠷ᠃ ᠬᠠᠮᠤᠭ ᠡᠷᠲᠡ ᠪᠣᠯ ᠲᠠᠯ᠎ᠠ ᠨᠤᠲᠤᠭ᠂ ᠤᠰᠤ ᠪᠡᠯᠴᠢᠭᠡᠷ ᠲᠠᠢ᠂ ᠠᠶᠠᠨᠳᠠᠭᠠᠨ ᠣᠯᠭᠤᠭᠰᠠᠨ ᠶᠢᠷᠲᠢᠨᠴᠦ ᠠᠴᠠ ᠭᠠᠳᠠᠨ᠎ᠠ ᠬᠤᠵᠢᠮ ᠨᠢ ᠶᠡᠭᠡ ᠬᠡᠮᠵᠢᠶᠡᠨ ᠤ ᠠᠲᠠᠷ ᠬᠠᠭᠠᠯᠪᠤᠷᠢᠯᠠᠭᠰᠠᠳ ᠤᠷᠤᠰᠤᠨ ᠣᠷᠣᠵᠤ ᠢᠷᠡᠭᠡᠳ ᠡᠪᠡᠰᠦ ᠤᠷᠭᠤᠵᠤ᠂ ᠡᠯᠡᠰᠦ ᠶᠢ ᠬᠠᠰᠢᠵᠤ ᠪᠠᠶᠢᠪᠠ᠃    ︽ᠰᠠᠯᠬᠢ ᠶᠡᠭᠡ᠂ ᠴᠢᠬᠢ ᠴᠦ ᠪᠦᠲᠦᠭᠰᠡᠨ ᠦᠭᠡᠢ᠃ ᠲᠦᠷᠦᠭᠦᠦ ᠡᠳᠦᠷ ᠲᠠᠷᠢᠪᠠᠯ ᠳᠠᠷᠠᠭ᠎ᠠ ᠡᠳᠦᠷ ᠨᠢ ᠦᠯᠢᠶᠡᠭᠳᠡᠨ ᠶᠠᠪᠤᠴᠢᠬᠠᠨ᠎ᠠ᠃ ᠲᠩᠷᠢ ᠰᠠᠯᠬᠢᠯᠠᠵᠤ᠂ ᠵᠢᠯ ᠪᠦᠷᠢ ᠬᠤᠷᠢᠶᠠᠭᠳᠠᠭᠰᠠᠨ ᠦᠭᠡᠢ︾ ᠬᠡᠵᠤ ᠪᠠᠶᠠᠩᠮᠠᠩᠬ᠎ᠠ ᠰᠤᠮᠤ ᠶᠢᠨ ᠬᠠᠲᠠᠪᠴᠢ ᠭᠠᠴᠠᠭᠠᠨ ᠤ ᠮᠠᠯᠴᠢᠨ ᠲᠠᠷᠢᠶᠠᠴᠢᠨ ᠪᠥᠷᠢᠨᠲᠡᠭᠦᠰ ᠬᠡᠯᠡᠪᠡ᠃    ᠰᠢᠷ᠎ᠠ ᠡᠯᠡᠰᠦ ᠠᠯᠬᠤᠮ ᠠᠯᠬᠤᠮ ᠢᠶᠠᠷ ᠰᠢᠬᠠᠵᠤ᠂ ᠪᠠᠶᠢᠭᠠᠯᠢ ᠶᠢᠨ ᠮᠠᠭᠤ ᠨᠥᠬᠦᠴᠡᠯ᠂ ᠠᠮᠢ ᠠᠬᠤᠢ ᠶᠢᠨ ᠬᠡᠪᠡᠷᠡᠭ ᠣᠷᠴᠢᠨ ᠲᠣᠭᠤᠷᠢᠨ᠂ ᠶᠠᠳᠠᠭᠤ ᠬᠤᠴᠣᠷᠤᠩᠭᠤᠢ ᠠᠵᠤ ᠠᠬᠤᠢ ᠶᠢᠨ ᠪᠠᠶᠢᠳᠠᠯ ᠡᠳᠦᠷ ᠢᠷᠡᠬᠦᠶ᠎ᠡ ᠬᠡᠴᠡᠭᠦᠳᠡᠵᠦ ᠪᠠᠶᠢᠨ᠎ᠠ᠃    ᠡᠯᠡᠰᠦᠷᠬᠡᠭ ᠣᠷᠣᠨ ᠢ ᠠᠪᠤᠷᠠᠬᠤ ᠳᠤ ᠬᠤᠶᠢᠰᠢᠯᠠᠭᠤᠯᠵᠤ ᠪᠣᠯᠤᠰᠢ ᠦᠭᠡᠢ︕ ᠡᠭᠡᠯ ᠠᠷᠠᠳ ᠢ ᠬᠠᠮᠠᠭᠠᠯᠠᠬᠤ ᠶᠢ ᠬᠤᠶᠢᠰᠢᠯᠠᠭᠤᠯᠵᠤ ᠪᠣᠯᠬᠤ ᠦᠭᠡᠢ︕ ᠡᠯᠡᠰᠦ ᠶᠢ ᠲᠣᠭᠲᠠᠪᠤᠷᠢᠵᠢᠭᠤᠯᠤᠨ ᠣᠶᠢᠵᠢᠭᠤᠯᠬᠤ ᠶᠢ ᠣᠭᠲᠣᠬᠠᠨ ᠴᠤ ᠬᠤᠶᠢᠰᠢᠯᠠᠭᠤᠯᠵᠤ ᠪᠣᠯᠬᠤ ᠦᠭᠡᠢ︕ ᠡᠷᠬᠡᠪᠰᠢ ︽ᠠᠮᠢ ᠠᠬᠤᠢ︾ ᠶᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠨᠡᠷ᠎ᠡ ᠶᠢᠨ ᠬᠠᠭᠤᠳᠠᠰᠤ ᠳᠡᠭᠡᠷ᠎ᠡ ᠢᠯᠡ ᠲᠣᠳᠣ ᠪᠢᠴᠢᠬᠦ ᠬᠡᠷᠡᠭᠲᠡᠢ︕    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯᠡᠰᠦ ᠶᠢ ᠵᠠᠰᠠᠬᠤ ᠠᠶᠠᠨ ᠵᠠᠮ ᠡᠭᠦᠨ ᠠᠴᠠ ᠡᠬᠢᠯᠡᠪᠡ     ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠢ ᠮᠠᠯᠵᠢᠬᠤ ᠬᠤᠰᠢᠭᠤ ᠪᠣᠯᠤᠭᠰᠠᠨ ᠤ ᠬᠤᠪᠢ ᠳᠤ ᠮᠠᠯ ᠤᠨ ᠲᠤᠭ᠎ᠠ ᠬᠡᠮᠵᠢᠶ᠎ᠡ ᠥᠨᠳᠥᠷ ᠪᠠᠶᠢᠭᠰᠠᠨ ᠤ ᠳᠡᠭᠡᠷ᠎ᠡ ᠵᠢᠯ ᠳᠠᠷᠠᠭᠠᠯᠠᠨ ᠮᠠᠯ ᠮᠡᠯᠵᠢᠵᠦ᠂ ᠲᠤᠬᠠᠢ ᠶᠢᠨ ᠭᠠᠵᠠᠷ ᠤᠨ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠲᠡᠩᠴᠡᠭᠦᠷᠢ ᠪᠠᠨ ᠠᠯᠳᠠᠵᠤ᠂ ᠠᠮᠢ ᠠᠬᠤᠢ ᠶᠢᠨ ᠣᠷᠴᠢᠨ ᠲᠣᠭᠤᠷᠢᠨ ᠳᠤ ᠤᠷᠢᠳ ᠡᠮᠦᠨ᠎ᠡ ᠪᠠᠶᠢᠭ᠎ᠠ ᠦᠭᠡᠢ ᠳᠠᠷᠤᠯᠲᠠ ᠦᠵᠡᠭᠦᠯᠦᠭᠰᠡᠨ ᠪᠠᠶᠢᠨ᠎ᠠ᠃    2012 ᠣᠨ ᠳᠤ᠂ ᠠᠷᠭ᠎ᠠ ᠪᠤᠰᠤ ᠬᠡᠷᠡᠭᠯᠡᠭᠦᠰᠢᠲᠡᠢ ᠬᠤᠷᠴᠢᠨ ᠪᠠᠷᠠᠭᠤᠨ ᠭᠠᠷᠤᠨ ᠳᠤᠮᠳᠠ ᠬᠤᠰᠢᠭᠤ ᠪᠦᠬᠦ ᠤᠯᠤᠰ ᠤᠨ ᠬᠡᠪᠴᠢᠭᠡᠨ ᠳᠤ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠢ ᠶᠢᠨ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠪᠡ᠃         ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠡᠭᠦᠨ ᠢᠶᠠᠷ ᠲᠦᠰᠢᠭ ᠪᠣᠯᠭᠠᠵᠤ᠂ ︽ᠪᠢᠲᠡᠭᠦᠮᠵᠢᠯᠡᠨ ᠦᠢᠯᠡᠳᠬᠦ ᠶᠢ ᠤᠶᠠᠯᠳᠤᠭᠤᠯᠬᠤ︾ ᠵᠠᠭᠪᠤᠷ ᠤᠨ ᠰᠢᠨ᠎ᠡ ᠶᠢ ᠡᠭᠦᠳᠴᠦ᠂ ᠥᠩᠭᠡᠷᠡᠭᠰᠡᠨ ᠤ ᠡᠯᠡᠰᠦ ᠶᠢ ᠵᠠᠰᠠᠭᠰᠠᠨ ᠰᠠᠭᠤᠷᠢᠨ ᠳᠡᠭᠡᠷ᠎ᠡ᠂ ᠨᠥᠬᠦᠨ ᠨᠥᠬᠦᠪᠥᠷᠢᠯᠡᠵᠦ᠂ ᠰᠢᠰᠲ᠋ᠧᠮ ᠢ ᠲᠡᠭᠦᠯᠳᠡᠷᠵᠢᠭᠦᠯᠦᠨ᠂ ᠡᠴᠦᠰ ᠲᠡᠭᠡᠨ ᠤᠯᠤᠰ ᠤᠨ ᠵᠠᠮ ᠤᠨ 111 ᠱᠤᠭᠤᠮ ᠤᠨ ᠬᠤᠶᠠᠷ ᠲᠠᠯ᠎ᠠ ᠳᠤ 189 ᠺᠢᠯᠣᠮᠧᠳ᠋ᠷ᠂ ᠥᠷᠭᠡᠨ 100 ᠮᠧᠳ᠋ᠷ ᠤᠨ ᠬᠠᠯᠬᠠᠪᠴᠢ ᠣᠢ ᠶᠢᠨ ᠪᠦᠰᠡ ᠶᠢ ᠪᠠᠶᠢᠭᠤᠯᠪᠠ᠃ ᠲᠤᠰ ᠵᠢᠯ ᠳᠤ᠂ ᠤᠮᠠᠷᠠᠲᠤ ᠬᠢᠯᠢ ᠶᠢᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠤᠷᠲᠤ ᠬᠤᠩᠭᠢᠯ ᠤᠨ ᠢᠨᠵᠧᠨᠧᠷᠢᠩ᠂ ᠲᠠᠷᠢᠶᠠᠨ ᠭᠠᠵᠠᠷ ᠤᠨ ᠣᠢ ᠰᠢᠭᠤᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠢ ᠶᠢᠨ ᠢᠨᠵᠧᠨᠧᠷᠢᠩ᠂ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ ᠰᠡᠷᠭᠦᠭᠡᠬᠦ ᠢᠨᠵᠧᠨᠧᠷᠢᠩ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠵᠠᠯᠭᠠᠭ᠎ᠠ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ᠂ ᠲᠤᠬᠠᠢ ᠶᠢᠨ ᠵᠢᠯ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠶᠢ 15.4% ᠪᠣᠯᠲᠠᠯ᠎ᠠ ᠳᠡᠭᠡᠭᠰᠢᠯᠡᠭᠦᠯᠵᠦ᠂ ᠰᠠᠯᠬᠢ ᠡᠯᠡᠰᠦᠨ ᠤ ᠬᠥᠨᠥᠭᠡᠯ ᠳᠤ ᠤᠴᠠᠷᠠᠭᠰᠠᠨ ᠡᠯᠡᠰᠦᠷᠬᠡᠭ ᠣᠷᠣᠨ ᠤ ᠠᠷᠠᠳ ᠢᠷᠭᠡᠳ ᠡᠴᠦᠰ ᠲᠡᠭᠡᠨ ᠥᠷ ᠤᠨ ᠲᠤᠶᠠᠭ᠎ᠠ ᠪᠠ ᠥᠷ ᠤᠨ ᠲᠤᠶᠠᠭ᠎ᠠ ᠶᠢ ᠬᠦᠰᠡᠨ ᠪᠠᠷᠠᠯᠠᠪᠠ᠃    2017 ᠣᠨ ᠳᠤ᠂ ᠡᠯᠡᠰᠦᠷᠬᠡᠭᠵᠢᠯ ᠤᠨ ᠲᠠᠯᠠᠪᠠᠢ ᠶᠢᠨ ᠥᠷᠭᠡᠳᠬᠦ ᠶᠢ ᠤᠯᠠᠮ ᠨᠢᠭᠡ ᠠᠯᠬᠤᠮ ᠬᠤᠷᠢᠭᠯᠠᠨ ᠵᠣᠭᠰᠣᠭᠠᠵᠤ᠂ ︽ᠬᠠᠮᠤᠭ ᠤᠨ ᠡᠷᠡᠰ ᠰᠢᠭᠤᠷᠬᠠᠢ ᠣᠪᠣᠷ ᠢ ᠠᠪᠴᠤ᠂ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠦᠨ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ᠂ ᠣᠭᠲᠣᠯᠬᠤ ᠶᠢ ᠴᠠᠭᠠᠵᠠᠯᠠᠬᠤ︾ ᠬᠡᠷᠡᠭᠲᠡᠢ᠃ ︽ᠭᠤᠷᠪᠠ ᠶᠢ ᠴᠠᠭᠠᠵᠠᠯᠠᠬᠤ︾ ᠳᠣᠣᠷ᠎ᠠ᠂ ᠲᠠᠯ᠎ᠠ ᠨᠤᠲᠤᠭ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠦᠵᠡᠭᠳᠡᠯ ᠢᠯᠡᠳᠲᠡ ᠪᠠᠭᠠᠰᠴᠤ᠂ ᠡᠨᠡ ᠬᠦ ᠠᠯᠬᠤᠮ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠮᠠᠰᠢ ᠯᠠᠪᠳᠠᠭᠤᠨ ᠠᠯᠬᠤᠪᠠ᠃    2017 ᠣᠨ ᠤ 5 ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠶᠢᠨ ᠲᠣᠪᠴᠢᠶ᠎ᠠ ︵ᠣᠳᠣ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶ ᠨᠢ ︽ᠪᠦᠬᠦ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠡᠷᠢᠭᠦᠨ ᠤ ᠬᠠᠮᠲᠤ︾ ᠶᠢᠨ ᠢᠷᠠᠭᠤ ᠠᠯᠳᠠᠷ ᠢ ᠬᠦᠷᠲᠡᠪᠡ᠃ ᠮᠡᠳᠡᠭᠡ ᠨᠢ ᠪᠡᠭᠡᠵᠢᠩ ᠠᠴᠠ ᠢᠷᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ ᠤ ᠡᠯᠡᠰᠦ ᠶᠢ ᠵᠠᠰᠠᠬᠤ ᠬᠥᠮᠦᠰ ᠪᠠᠶᠠᠷ ᠬᠥᠷ ᠢᠶᠠᠷ ᠪᠢᠯᠬᠠᠨ᠎ᠠ᠃    ︽ᠡᠨᠡ ᠪᠣᠯ ᠡᠯᠡᠰᠦ ᠶᠢ ᠵᠠᠰᠠᠬᠤ ᠳᠤ ᠬᠦᠴᠦ ᠣᠷᠣᠭᠤᠯᠵᠤ ᠪᠠᠶᠢᠭ᠎ᠠ ᠶᠠᠪᠤᠳᠠᠯ ᠮᠥᠨ᠂ ᠨᠡᠩ ᠴᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠰ ᠤᠨ ᠬᠦᠷᠢᠶᠡᠯᠡᠯ ᠢ ᠣᠯᠵᠤ ᠪᠠᠶᠢᠭ᠎ᠠ ᠶᠠᠪᠤᠳᠠᠯ ᠮᠥᠨ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ  ᠬᠤᠰᠢᠭᠤᠨ ᠤ ᠣᠢ ᠰᠢᠭᠤᠢ ᠶᠢᠨ ᠲᠣᠪᠴᠢᠶ᠎ᠠ ᠶᠢᠨ ᠣᠶᠢᠵᠢᠭᠤᠯᠬᠤ ᠲᠠᠰᠤᠭ ᠤᠨ ᠳᠠᠷᠤᠭ᠎ᠠ ᠯᠦᠸᠧ ᠴᠦᠨ ᠮᠧᠢ ᠰᠡᠳᠬᠢᠯ ᠳᠣᠭᠳᠣᠯᠤᠨ ᠬᠡᠯᠡᠪᠡ᠃ ᠲᠤᠰ ᠵᠢᠯ ᠳᠤ᠂ ᠯᠦᠸᠧ ᠴᠦᠨ ᠮᠧᠢ ︽ᠪᠦᠬᠦ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠤᠪᠢ ᠬᠥᠮᠦᠨ︾ ᠤ ᠢᠷᠠᠭᠤ ᠠᠯᠳᠠᠷ ᠢ ᠬᠦᠷᠲᠡᠵᠦ᠂ ᠣᠳᠣ ᠪᠣᠯᠲᠠᠯ᠎ᠠ᠂ ᠯᠦᠸᠧ ᠴᠦᠨ ᠮᠧᠢ ᠣᠶᠢᠵᠢᠭᠤᠯᠬᠤ ᠠᠵᠢᠯ ᠤᠨ ᠪᠠᠶᠢᠷᠢ ᠳᠡᠭᠡᠷ᠎ᠡ ᠪᠠᠨ ᠨᠢᠭᠡᠨᠲᠡ 23 ᠵᠢᠯ ᠬᠠᠭᠠᠯᠪᠤᠷᠢᠯᠠᠵᠠᠢ᠃    2019 ᠤᠨ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯᠡᠰᠦ ᠶᠢ ᠵᠠᠰᠠᠬᠤ ᠠᠶᠠᠨ ᠵᠠᠮ ᠳᠠᠬᠢ ᠬᠠᠮᠤᠭ ᠤᠨ ᠢᠯᠡ ᠲᠣᠳᠣ ᠨᠢᠭᠡ ᠵᠢᠯ ᠪᠣᠯᠤᠨ᠎ᠠ᠂ ᠡᠨᠡ ᠵᠢᠯ ᠪᠣᠯᠤᠨ᠎ᠠ᠂ ᠲᠥᠪ ᠤᠨ ᠤᠬᠠᠭᠤᠯᠬᠤ ᠬᠡᠯᠲᠡᠰ ᠴᠡᠭ ᠲᠣᠭᠲᠠᠭᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠠᠪᠰᠤᠷᠤᠨ ᠳᠡᠳᠬᠦᠵᠤ ᠡᠬᠢᠯᠡᠪᠡ᠃   ᠠᠮᠢ ᠠᠬᠤᠢ ᠶᠢᠨ ᠴᠢᠬᠤᠯᠠᠴᠢᠯᠠᠵᠤ᠂ ᠦᠬᠡᠷ ᠤᠨ ᠦᠢᠯᠡᠰ ᠢ ᠬᠦᠭᠵᠢᠬᠦᠯᠦᠨ᠂ ᠰᠣᠶᠣᠯ ᠵᠢᠭᠤᠯᠴᠢᠯᠠᠯ ᠢ ᠠᠬᠢᠭᠤᠯᠬᠤ᠂ ᠡᠯᠡᠰᠦ ᠶᠢ ᠵᠠᠰᠠᠬᠤ᠂ ᠨᠣᠭᠤᠭᠠᠨ ᠤᠷᠭᠤᠮᠠᠯ ᠳᠠᠷᠢᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠪᠠᠷ ᠳᠠᠮᠵᠢᠨ᠂ ᠲᠥᠪ ᠤᠨ ᠤᠬᠠᠭᠤᠯᠬᠤ ᠬᠡᠯᠲᠡᠰ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ ᠳᠤ ᠡᠨᠡ ᠬᠦ ᠪᠣᠬᠢᠷᠲᠤᠯ ᠦᠭᠡᠢ ᠬᠥᠭᠵᠢᠯᠲᠡ ᠶᠢᠨ ᠵᠠᠮ ᠢ ᠲᠣᠭᠲᠠᠭᠠᠵᠤ ᠥᠭᠴᠡᠢ᠃    ᠡᠨᠡ ᠬᠦ ᠠᠷᠭ᠎ᠠ ᠵᠠᠮ ᠢᠶᠠᠷ ᠲᠥᠪ ᠤᠨ ᠤᠬᠠᠭᠤᠯᠬᠤ ᠬᠡᠯᠲᠡᠰ ᠤᠨ ᠵᠣᠬᠢᠴᠠᠭᠤᠯᠭ᠎ᠠ ᠳᠣᠣᠷ᠎ᠠ᠂ ︽ᠮᠠ ᠢ ᠣᠢ ᠰᠢᠭᠤᠢ︾ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ ᠵᠦᠢᠯ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 7 ᠰᠤᠮᠤ ᠪᠠᠯᠭᠠᠰᠤ᠂ 3 ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢ ᠬᠠᠮᠤᠷᠴᠤ᠂ ᠬᠠᠷᠭᠠᠨ᠎ᠠ᠂ ᠴᠢᠴᠠᠷᠭᠠᠨ᠎ᠠ ᠲᠠᠷᠢᠬᠤ ᠲᠠᠯᠠᠪᠠᠢ ᠶᠢ 2.85 ᠲᠦᠮᠡᠨ ᠮᠦ ᠪᠡᠶᠡᠯᠡᠭᠦᠯᠪᠡ᠃    ᠣᠳᠣᠬᠠᠨ ᠳᠤ᠂ ᠪᠠᠶᠠᠨᠮᠠᠩᠬ᠎ᠠ ᠰᠤᠮᠤ ᠶᠢᠨ ᠬᠠᠲᠠᠪᠴᠢ ᠭᠠᠴᠠᠭ᠎ᠠ ᠳᠤ᠂ 1500 ᠮᠦ ᠴᠢᠴᠠᠷᠭᠠᠨ᠎ᠠ ᠶᠢᠨ ᠣᠢ ᠵᠢᠮᠢᠰ ᠤᠨ ᠰᠠᠯᠠᠭ᠎ᠠ ᠨᠠᠮᠠᠭ᠎ᠠ ᠨᠢ ᠰᠠᠯᠠᠭ᠎ᠠ ᠳᠦᠭᠦᠷᠡᠩ ᠬᠠᠷᠠᠭᠳᠠᠨ᠎ᠠ᠂ ᠥᠩᠭᠡᠷᠡᠭᠰᠡᠨ ᠳᠤ ︽ᠲᠩᠷᠢ ᠳᠦᠭᠦᠷᠡᠩ ᠰᠢᠷᠭᠠᠯ ᠡᠯᠡᠰᠦ᠂ ᠭᠠᠵᠠᠷ ᠪᠣᠯᠭᠠᠨ ᠳᠤ ᠨᠣᠭᠤᠭᠠᠷᠠᠬᠤ ᠦᠭᠡᠢ︾ ᠦᠵᠡᠭᠳᠡᠯ ᠨᠢ ᠪᠤᠴᠠᠯᠲᠠ ᠦᠭᠡᠢ ᠬᠠᠷᠠᠭᠳᠠᠨ᠎ᠠ᠃    ᠶᠡᠷᠦᠩᠬᠡᠢ ᠱᠦᠵᠢ ᠰᠢ ᠶᠢᠨ ᠫᠢᠩ᠂ ︽10 ᠵᠢᠯ ᠰᠢᠬᠠᠮ ᠤᠨ ᠴᠠᠭ ᠢ ᠬᠡᠷᠡᠭᠯᠡᠵᠦ ᠪᠠᠶᠢᠭᠠᠳ ︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ᠂ ︿ᠭᠤᠷᠪᠠᠨ ᠤᠮᠠᠷᠠᠲᠤ﹀ ᠶᠢᠨ ᠢᠨᠵᠧᠨᠧᠷᠢᠩ ᠢ ᠴᠢᠳᠠᠮᠵᠢ ᠪᠠᠷ ᠪᠦᠷᠢᠨ ᠲᠡᠭᠦᠯᠳᠡᠷ᠂ ᠡᠪᠳᠡᠷᠡᠰᠢ ᠦᠭᠡᠢ ᠪᠠᠲᠤ ᠪᠠᠬᠢ ᠤᠮᠠᠷᠠᠲᠤ ᠶᠢᠨ ᠨᠣᠭᠤᠭᠠᠨ ᠤᠷᠲᠤ ᠴᠠᠭᠠᠨ ᠬᠡᠷᠡᠮ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠬᠤ ᠪᠠᠷ ᠴᠢᠷᠮᠠᠶᠢᠨ᠎ᠠ︾ ᠭᠡᠵᠦ ᠴᠢᠬᠤᠯᠠᠴᠢᠯᠠᠪᠠ᠃ ᠡᠨᠡ ᠵᠢᠯ ᠤᠨ 2 ᠰᠠᠷ᠎ᠠ ᠶᠢᠨ 19 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠠᠩᠭᠠᠷᠢᠭᠯᠠᠬᠤ ᠶᠡᠭᠡ ᠬᠤᠷᠠᠯ ᠬᠤᠷᠠᠯᠳᠤᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠠᠩᠬᠠᠨ ᠤ ᠫᠤᠤ ᠪᠠᠨ ᠵᠢᠩᠬᠢᠨᠢ ᠪᠠᠷ ᠡᠬᠢᠯᠡᠭᠦᠯᠪᠡ᠃    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠢᠭ᠎ᠠ ᠬᠢᠩᠭᠠᠨ ᠠᠶᠢᠮᠠᠭ ᠪᠣᠯ ᠮᠠᠨ ᠤ ᠤᠯᠤᠰ ᠤᠨ ᠠᠩᠬᠠᠳᠠᠭᠴᠢ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠤᠷᠤᠨ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠮᠡᠨᠳᠦᠯᠡᠭᠰᠡᠨ ᠭᠠᠵᠠᠷ ᠮᠥᠨ᠂ ᠬᠤᠷᠴᠢᠨ ᠤ ᠡᠯᠡᠰᠦᠷᠬᠡᠭ ᠭᠠᠵᠠᠷ ᠤᠨ ᠬᠢᠯᠢ ᠬᠢᠵᠠᠭᠠᠷ ᠣᠷᠣᠨ ᠳᠤ ᠪᠠᠶᠢᠷᠢᠯᠠᠵᠤ᠂ ᠪᠢᠳᠡ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠴᠢᠬᠤᠯᠠ ᠤᠯᠤᠰ ᠲᠥᠷᠥ ᠶᠢᠨ ᠡᠭᠦᠷᠭᠡ ᠪᠠ ᠲᠡᠦᠬᠡᠲᠦ ᠡᠭᠦᠷᠭᠡ ᠶᠢ ᠡᠭᠦᠷᠭᠡᠯᠡᠵᠦ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠠᠷᠬᠠᠨ ᠡᠭᠦᠷᠭᠡ ᠶᠢ ᠡᠭᠦᠷᠭᠡᠯᠡᠵᠦ᠂ ᠶᠠᠭᠠᠬᠢᠭᠰᠠᠨ ᠴᠤ ᠡᠯᠡᠰᠦ ᠶᠢ ᠨᠣᠭᠤᠭᠠᠷᠠᠭᠤᠯᠵᠤ ᠪᠣᠯᠬᠤ ᠦᠭᠡᠢ᠃ ᠠᠳᠡᠬᠢ ᠡᠯᠡᠰᠦᠷᠬᠡᠭ ᠭᠠᠵᠠᠷ ᠬᠢᠭᠡᠳ ᠬᠤᠵᠢᠷᠯᠢᠭ ᠭᠠᠵᠠᠷ ᠢ ᠳᠠᠭᠠᠯᠳᠤᠨ ᠤᠷᠭᠤᠵᠤ᠂ ᠵᠠᠰᠠᠬᠤ ᠳᠤ ᠬᠦᠴᠢᠷᠳᠡᠯ ᠶᠡᠭᠡ᠂ ᠮᠡᠷᠭᠡᠵᠢᠯ ᠤᠨ ᠱᠠᠭᠠᠷᠳᠠᠯᠭ᠎ᠠ ᠥᠨᠳᠥᠷ᠂ ᠳᠠᠬᠢᠨ ᠳᠠᠪᠲᠠᠬᠤ ᠴᠢᠨᠠᠷ ᠢᠶᠠᠷ ᠴᠢᠩᠭ᠎ᠠ᠂ ᠲᠦᠢᠯ ᠤᠨ ᠪᠤᠷᠤᠩᠬᠤᠢ ᠪᠠᠶᠢᠵᠤ᠂ ᠥᠷᠭᠡᠨ ᠣᠯᠠᠨ ᠮᠠᠯᠴᠢᠳ ︿ᠬᠤᠷᠴᠢᠨ ᠤ ᠲᠠᠯ᠎ᠠ ᠨᠤᠲᠤᠭ ᠤᠨ ᠦᠬᠡᠷ ᠢᠯᠢᠳᠦ﹀ ᠭᠡᠵᠦ ᠨᠡᠷᠡᠶᠢᠳᠴᠦ᠂ ᠰᠢᠨ᠎ᠡ ᠲᠤᠷᠰᠢᠯᠭ᠎ᠠ ᠪᠠᠷ ᠲᠣᠯᠢ ᠪᠣᠯᠭᠠᠵᠤ ᠪᠣᠯᠤᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠯᠲᠠ᠂ ᠣᠯᠠᠨ ᠲᠦᠮᠡᠨ ᠤ ᠵᠠᠰᠠᠯᠲᠠ᠂ ᠦᠷ᠎ᠡ ᠠᠰᠢᠭ ᠤᠨ ᠵᠠᠰᠠᠯᠲᠠ᠂ ᠨᠡᠶᠢᠭᠡᠮ ᠤᠨ ᠵᠠᠰᠠᠯᠲᠠ᠂ ᠬᠠᠪᠰᠤᠷᠤᠨ ᠲᠡᠳᠬᠦᠬᠦ ᠨᠢᠭᠡᠴᠡ ᠶᠢᠨ ᠵᠠᠰᠠᠯᠲᠠ ᠶᠢ ᠬᠡᠷᠡᠭᠯᠡᠵᠦ᠂ ᠪᠦᠬᠦ ᠨᠡᠶᠢᠭᠡᠮ ᠢᠶᠠᠷ ᠢᠶᠠᠨ ᠣᠷᠣᠯᠴᠠᠬᠤ ᠶᠢ ᠳᠠᠶᠢᠴᠢᠯᠠᠨ᠂ ᠠᠷᠠᠳ ᠣᠯᠠᠨ ᠢ ᠵᠠᠰᠠᠯᠲᠠ ᠶᠢᠨ ᠶᠠᠪᠤᠴᠠ ᠳᠤ ᠣᠷᠣᠯᠭ᠎ᠠ ᠶᠢ ᠨᠢ ᠨᠡᠮᠡᠭᠳᠡᠭᠦᠯᠵᠦ᠂ ᠵᠠᠰᠠᠯᠲᠠ ᠶᠢᠨ ᠶᠠᠪᠤᠴᠠ ᠳᠤ ᠠᠮᠢ ᠠᠬᠤᠢ ᠶᠢᠨ ᠪᠣᠯᠪᠠᠰᠤᠨ ᠤ ᠤᠬᠠᠮᠰᠠᠷ ᠢᠶᠠᠨ ᠴᠢᠩᠭᠠᠳᠬᠠᠨ᠂ ︿ᠨᠠᠮᠠᠶᠢ ᠵᠠᠰᠠᠬᠤ﹀ ᠠᠴᠠ ︿ᠪᠢ ᠵᠠᠰᠠᠬᠤ﹀ ᠪᠣᠯᠭᠠᠨ ᠬᠤᠪᠢᠷᠠᠭᠤᠯᠵᠤ᠂ ᠰᠦᠷ ᠳᠠᠯᠠᠶᠢᠴᠠᠲᠠᠢ ᠣᠯᠠᠨ ᠲᠦᠮᠡᠨ ᠤ ᠳᠠᠶᠢᠯᠠᠯᠳᠤᠭᠠᠨ ᠢ ᠪᠦᠷᠢᠯᠳᠦᠭᠦᠯᠵᠦ᠂ ᠡᠨᠡ ᠬᠦ ᠲᠠᠯ᠎ᠠ ᠨᠤᠲᠤᠭ ᠤᠨ ︿ᠦᠬᠡᠷ ᠢᠯᠢᠳᠦ﹀ ᠶᠢ ᠡᠷᠡᠰ ᠰᠠᠶᠢᠲᠤᠷ ᠵᠠᠰᠠᠵᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠳᠤ ︿ᠬᠢᠩᠭᠠᠨ ᠤ ᠲᠥᠰᠦᠯ﹀ ᠢ ᠬᠠᠩᠭᠠᠵᠤ᠂ ︿ᠬᠢᠩᠭᠠᠨ ᠤ ᠣᠶᠤᠨ ᠤᠬᠠᠭᠠᠨ﹀ ᠢ ᠪᠤᠢ ᠪᠣᠯᠭᠠᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠲᠠᠨᠢᠯᠴᠠᠭᠤᠯᠪᠠ᠃     ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠢᠷᠭᠤᠭᠠᠨ ᠶᠡᠭᠡ ᠪᠠᠶᠢᠯᠳᠤᠭᠠᠨ ᠤ ᠲᠣᠭᠤᠷᠢᠭ ᠢ ᠬᠤᠪᠢᠶᠠᠷᠢᠯᠠᠬᠤ ᠶᠢᠨ ᠬᠠᠮᠲᠤ ᠭᠠᠵᠠᠷ ᠰᠢᠨᠵᠢᠯᠡᠭᠡᠨ ᠤ ᠣᠨᠴᠠᠯᠢᠭ᠂ ᠬᠥᠭᠵᠢᠯᠲᠡ ᠶᠢᠨ ᠢᠷᠡᠭᠡᠳᠦᠢ ᠳᠤ ᠴᠢᠭᠯᠡᠭᠦᠯᠦᠨ ᠲᠠᠪᠤᠨ ᠵᠦᠢᠯ ᠤᠨ ᠵᠠᠰᠠᠯᠲᠠ ᠶᠢᠨ ᠵᠠᠭᠪᠤᠷ ᠢ ᠲᠣᠭᠲᠠᠭᠠᠪᠠ᠃ ᠣᠳᠣ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠲᠤᠰ ᠲᠤᠰ 2017 ᠣᠨ ᠤ 17.64% ᠪᠠ 35.17% ᠪᠠᠶᠢᠭᠰᠠᠨ ᠠᠴᠠ ᠪᠠᠨ 18.54% ᠪᠠ 76.77% ᠳᠤ ᠬᠦᠷᠴᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠬᠢᠭᠡᠳ ᠪᠠᠶᠢᠭᠠᠯᠢ ᠶᠢᠨ ᠪᠤᠲᠠ ᠮᠣᠳᠣ ᠣᠢ ᠪᠠ ᠨᠤᠲᠤᠭ ᠪᠡᠯᠴᠢᠭᠡᠷ ᠢᠶᠠᠷ ᠭᠤᠣᠯ ᠴᠣᠭᠴᠠ ᠪᠣᠯᠭᠠᠭᠰᠠᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠳᠦᠰᠦᠨ ᠳᠡᠭᠡᠨ ᠪᠦᠷᠢᠯᠳᠦᠭᠦᠯᠵᠦ᠂ ᠳᠣᠲᠣᠷ᠎ᠠ ᠭᠠᠵᠠᠷ ᠤᠨ ᠪᠣᠬᠢᠷᠲᠤᠯ ᠦᠭᠡᠢ ᠬᠡᠪᠯᠡᠯ ᠤᠨ ᠵᠢᠷᠤᠭ ᠶᠠᠭ ᠲᠠᠰᠤᠷᠠᠯᠲᠠ ᠥᠬᠡᠶ ᠥᠷᠭᠡᠳᠬᠡᠵᠦ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号