ᠬᠢᠩᠭᠠᠨ ᠠᠶᠢᠮᠠᠭ᠄ ᠡᠯᠡᠰᠦ ᠶᠢ ᠵᠠᠰᠠᠵᠤ ᠬᠠᠮᠲᠤᠷᠠᠯ ᠬᠦᠴᠦᠨ ᠢ ᠨᠢᠭᠲᠠᠷᠠᠭᠤᠯᠵᠤ ᠠᠮᠢ ᠠᠬᠤᠢ ᠶᠢᠨ ᠵᠢᠷᠤᠭ ᠢ ᠵᠢᠷᠤᠭᠯᠠᠨ᠎ᠠ
ᠨᠡᠶᠢᠲᠡᠯᠡᠭᠰᠡᠨ ᠴᠠᠭ᠄
2024/4/16
    ᠪᠦᠷᠢᠶ᠎ᠡ ᠶᠢᠨ ᠳᠠᠭᠤᠨ᠂ ᠪᠠᠶᠢᠯᠳᠤᠭᠠᠨ ᠤ ᠬᠡᠩᠭᠡᠷᠭᠡ ᠳᠡᠯᠡᠳᠦᠨ᠎ᠡ᠃ ᠬᠠᠪᠤᠷ ᠤᠨ ᠤᠷᠢᠬᠠᠨ ᠰᠠᠯᠬᠢᠨ ᠤ ᠠᠶᠠᠰ ᠢᠶᠠᠷ ᠬᠢᠩᠭᠠᠨ ᠳᠠᠪᠠᠭ᠎ᠠ ᠶᠢ ᠭᠡᠲᠦᠯᠵᠦ᠂ ᠬᠡᠰᠡᠭ ᠬᠡᠰᠡᠭ ᠰᠢᠨ᠎ᠡ ᠮᠣᠳᠣᠳ ᠮᠠᠩᠬᠠᠨ ᠡᠯᠡᠰᠦᠨ ᠳᠣᠲᠣᠷ᠎ᠠ ᠪᠠᠲᠤ ᠵᠣᠷᠢᠭ᠂ ᠰᠡᠬᠦ᠋ᠢᠨ ᠰᠦᠨᠳᠡᠷᠯᠡᠨ᠎ᠡ᠃    4 ᠰᠠᠷ᠎ᠠ ᠶᠢᠨ 15 ᠤ ᠡᠳᠦᠷ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠪᠠᠶᠢᠯᠳᠤᠭᠠᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠡᠮᠦᠨ᠎ᠡ ᠭᠤᠷᠪᠠᠨ ᠰᠤᠮᠤ︾ ᠶᠢᠨ ᠵᠠᠰᠠᠯᠲᠠ ᠶᠢᠨ ᠣᠷᠣᠨ ᠳᠤ ᠢᠳᠡ ᠬᠥᠭ ᠲᠠᠢ ᠶᠠᠪᠤᠭᠳᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠥᠮᠦᠨ ᠴᠤᠭᠯᠠᠷᠠᠵᠤ᠂ ᠮᠠᠰᠢᠨ ᠮᠧᠬᠠᠨᠢᠭ ᠬᠦᠩᠭᠢᠨᠡᠵᠦ᠂ ᠶᠡᠷᠦ ᠪᠤᠰᠤ ᠶᠢᠨ ᠬᠥᠷ ᠬᠥᠭᠵᠢᠶᠡᠨ ᠲᠠᠢ ᠪᠠᠶᠢᠯ᠎ᠠ᠃ ᠲᠥᠪ ᠤᠨ ᠤᠬᠠᠭᠤᠯᠬᠤ ᠬᠡᠯᠲᠡᠰ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠨᠡᠶᠢᠭᠡᠮᠯᠢᠭ᠂ ᠤᠯᠤᠰ ᠤᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠲᠥᠪ ᠪᠠ ᠲᠥᠷᠥ ᠶᠢᠨ ᠪᠠᠶᠢᠭᠤᠯᠭ᠎ᠠ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠨᠣᠭᠤᠭᠠᠷᠠᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠵᠥᠩ ᠭᠤᠸᠠᠩ ᠾᠧ ᠵᠡᠷᠭᠡ ᠬᠢᠩᠭᠠᠨ ᠠᠶᠢᠮᠠᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠬᠤᠯᠪᠣᠭᠠᠲᠤ ᠴᠣᠭᠴᠠ ᠶᠢᠨ ᠪᠦᠷᠢᠯᠳᠦᠬᠦᠨ ᠨᠢᠭᠡᠴᠡ ᠠᠴᠠ ᠢᠷᠡᠵᠦ᠂ ᠲᠤᠬᠠᠢ ᠶᠢᠨ ᠭᠠᠵᠠᠷ ᠤᠨ ᠺᠠᠳ᠋ᠷ ᠣᠯᠠᠨ ᠲᠦᠮᠡᠨ ᠲᠠᠢ ᠬᠠᠮᠲᠤ ᠪᠠᠷ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠨᠣᠭᠤᠭᠠᠨ ᠤᠷᠲᠤ ᠴᠠᠭᠠᠨ ᠬᠡᠷᠡᠮ ᠢ ᠪᠠᠶᠢᠭᠤᠯᠪᠠ᠃    ᠲᠥᠪ ᠤᠨ ᠤᠬᠠᠭᠤᠯᠬᠤ ᠬᠡᠯᠲᠡᠰ ᠨᠢ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠪᠣᠯᠤᠭᠰᠠᠨ ᠤ ᠬᠤᠪᠢ ᠳᠤ᠂ 2015 ᠣᠨ ᠤ 8 ᠰᠠᠷ᠎ᠠ ᠳᠤ ᠬᠠᠪᠰᠤᠷᠤᠨ ᠲᠡᠳᠬᠦᠬᠦ ᠶᠢ ᠥᠷᠨᠢᠭᠦᠯᠦᠭᠰᠡᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠠᠮᠢ ᠠᠬᠤᠢ ᠶᠢᠨ ᠬᠤᠭᠤᠯᠠ ᠢᠳᠡᠬᠦ︾ ᠵᠠᠮ ᠢᠶᠠᠷ ᠦᠷᠭᠦᠯᠵᠢᠯᠡᠨ ᠰᠠᠶᠢᠲᠤᠷ ᠵᠠᠮᠨᠠᠬᠤ ᠶᠢ ᠳᠡᠮᠵᠢᠵᠦ ᠂ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠪᠦᠬᠦ ᠬᠤᠰᠢᠭᠤᠨ ᠤ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠵᠦ᠂ ᠪᠦᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠡᠨᠡ ᠵᠢᠯ᠂ ᠲᠥᠪ ᠤᠨ ᠤᠬᠠᠭᠤᠯᠬᠤ ᠬᠡᠯᠲᠡᠰ ᠪᠠᠰᠠ ᠲᠥᠪ ᠤᠨ ᠰᠤᠷᠲᠠᠯ ᠤᠬᠠᠭᠤᠯᠭ᠎ᠠ ᠰᠣᠶᠣᠯ ᠤᠨ ᠨᠢᠭᠡᠴᠡ ᠪᠣᠯᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠬᠦᠴᠦᠨ ᠢ ᠵᠣᠬᠢᠶᠠᠨ ᠪᠠᠶᠢᠭᠤᠯᠤᠨ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠳᠤ ᠪᠦᠬᠦ ᠲᠠᠯ᠎ᠠ ᠪᠠᠷ ᠣᠷᠣᠯᠴᠠᠭᠤᠯᠵᠤ ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ᠂ ︽ᠢᠨᠲ᠋ᠧᠷ ᠰᠦᠯᠵᠢᠶ᠎ᠡ︾ ᠪᠣᠯᠤᠨ ︽ᠪᠠᠲᠤᠴᠠᠭᠠᠨ ᠤ ᠵᠠᠪᠢ ᠶᠢ ᠬᠠᠮᠲᠤ ᠪᠠᠷ ᠲᠤᠭᠤᠯᠬᠤ︾ ᠲᠦᠩ ᠰᠢᠨ ᠯᠢᠨ᠂ ᠰᠤᠷᠪᠤᠯᠵᠢᠯᠠᠭᠴᠢ ᠯᠢᠨ᠂ ᠨᠡᠶᠢᠭᠡᠮᠯᠢᠭ ᠤᠨ ᠣᠢ ᠵᠡᠷᠭᠡ ᠵᠠᠭᠪᠤᠷ ᠢᠶᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠠᠪᠰᠤᠷᠤᠨ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢᠳᠤᠯᠢᠭ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠬᠤ ᠬᠠᠯᠠᠭᠤᠨ ᠰᠡᠳᠬᠢᠯᠭᠡ ᠪᠣᠯᠤᠨ ᠡᠷᠴᠢ ᠵᠣᠷᠢᠭ ᠢ ᠬᠥᠭᠵᠢᠭᠡᠪᠡ᠃    ᠤᠤᠯ ᠨᠢ ᠬᠡᠳᠦᠢ ᠳᠤ ᠡᠨᠡ ᠭᠠᠵᠠᠷ ᠪᠦᠷ ᠰᠢᠷ᠎ᠠ ᠡᠯᠡᠰᠦᠨ ᠳᠤ ᠬᠤᠴᠢᠭᠳᠠᠵᠤ᠂ ᠡᠪᠡᠰᠦ ᠮᠣᠳᠣ ᠨᠢ ᠮᠥᠷ ᠰᠤᠷᠠᠭ ᠦᠭᠡᠢ ᠪᠣᠯᠳᠠᠭ᠃ ᠣᠳᠣ ᠨᠣᠭᠤᠭᠠᠨ ᠥᠩᠭᠡ ᠪᠠᠷ ᠪᠢᠯᠬᠠᠵᠤ᠂ ᠰᠢᠪᠠᠭᠤᠳ ᠵᠢᠷᠭᠢᠨ ᠳᠤᠤᠭᠠᠷᠭᠠᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠰᠠᠶᠢᠬᠠᠨ ᠳᠣᠪᠤ ᠭᠠᠴᠠᠭᠠᠨ ᠤ ︽ᠰᠢᠷᠭᠤᠯᠵᠢ ᠶᠢᠨ ᠣᠢ ᠰᠢᠭᠤᠢ︾ ᠶᠢᠨ ᠲᠥᠷᠥᠯ ᠵᠦᠢᠯ ᠤᠨ ᠣᠷᠣᠨ ᠳᠤ ᠵᠣᠭᠰᠣᠵᠤ᠂ ᠣᠢ ᠬᠠᠮᠠᠭᠠᠯᠠᠭᠴᠢ ᠸᠠᠩ ᠴᠢᠦᠸᠡᠨ ᠰᠢ ᠶᠢᠨ ᠬᠠᠷᠠᠴᠠ ᠦᠵᠡᠭᠦᠯᠭᠡ ᠶᠢᠨ ᠰᠠᠮᠪᠠᠷ᠎ᠠ ᠳᠡᠭᠡᠷ᠎ᠡ ᠡᠷᠭᠢᠯᠳᠦᠵᠦ᠂ ᠲᠡᠳᠡᠭᠡᠷ ᠴᠦᠯᠯᠡᠷᠭᠡᠭᠵᠢᠭᠰᠡᠨ᠂ ᠡᠯᠡᠰᠦᠨ ᠳᠣᠪᠤ ᠳᠡᠯᠭᠡᠷᠡᠵᠦ᠂ ᠡᠯᠡᠰᠦᠨ ᠰᠢᠭᠤᠷᠭ᠎ᠠ ᠳᠡᠯᠭᠡᠷᠡᠭᠰᠡᠨ ᠬᠤᠪᠣᠷ ᠨᠠᠨᠳᠢᠨ ᠭᠡᠷᠡᠯ ᠵᠢᠷᠤᠭ ᠢ ᠲᠡᠮᠳᠡᠭᠯᠡᠵᠦ᠂ ᠠᠷᠤ ᠳᠠᠬᠢ ᠬᠠᠲᠠᠭᠤ ᠰᠢᠷᠦᠭᠦᠨ ᠥᠰᠦᠨ ᠪᠤᠶᠢᠵᠢᠭᠰᠠᠨ ᠴᠢᠴᠠᠷᠭᠠᠨ᠎ᠠ᠂ ᠬᠠᠷᠭᠠᠨ᠎ᠠ ᠶᠢᠨ ᠳᠣᠲᠣᠷ᠎ᠠ ᠢᠯᠡ ᠲᠣᠳᠣ ᠬᠠᠷᠢᠴᠠᠭᠤᠯᠤᠯ ᠪᠣᠯᠤᠭᠰᠠᠨ ᠪᠠᠶᠢᠨ᠎ᠠ᠃ ᠲᠡᠭᠦᠨ ᠤ ᠰᠡᠳ᠋ᠬᠢᠯ ᠤᠨ ᠳᠣᠭᠳᠣᠯᠤᠯ ᠣᠷᠭᠢᠯᠤᠨ ᠣᠷᠭᠢᠯᠵᠤ᠂ ᠲᠦᠮᠡᠨ ᠬᠤᠪᠢ ᠣᠯᠳᠠᠨ᠎ᠠ᠃    2018 ᠣᠨ ᠳᠤ᠂ ᠲᠥᠪ ᠤᠨ ᠤᠬᠠᠭᠤᠯᠬᠤ ᠬᠡᠯᠲᠡᠰ ᠤᠨ ᠠᠬᠢᠭᠤᠯᠤᠯ ᠳᠣᠣᠷ᠎ᠠ᠂ ︽ᠮᠠ ᠢ ᠣᠢ︾ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠣᠷᠣᠵᠤ᠂ 2 ᠲᠦᠮᠡᠨ ᠮᠦ ᠬᠠᠷᠭᠠᠨ᠎ᠠ᠂ 8500 ᠮᠦ ᠴᠢᠴᠠᠷᠭᠠᠨ᠎ᠠ ᠪᠦᠬᠦ ᠬᠤᠰᠢᠭᠤᠨ ᠤ 7 ᠰᠤᠮᠤ ᠪᠠᠯᠭᠠᠰᠤ᠂ 3 ᠤᠯᠤᠰ ᠤᠨ ᠥᠮᠴᠢᠯᠡᠯ ᠤᠨ ᠣᠢ ᠰᠢᠭᠤᠢ ᠶᠢᠨ ᠲᠠᠯᠠᠪᠠᠢ ᠳᠤ ᠭᠡᠷ ᠢᠶᠠᠨ ᠠᠮᠤᠷᠵᠢᠭᠤᠯᠪᠠ᠃ 4 ᠵᠢᠯ ᠬᠠᠮᠢᠶᠠᠷᠤᠨ ᠬᠠᠮᠠᠭᠠᠯᠠᠬᠤ ᠪᠠ ᠤᠷᠭᠤᠯᠲᠠ ᠪᠠᠷ ᠳᠠᠮᠵᠢᠨ᠂ ᠵᠠᠶᠢᠯᠠᠬᠤ ᠦᠶᠡᠰ ᠵᠥᠪᠬᠡᠨ 40 ᠰᠠᠨᠲ᠋ᠢᠮᠧᠳ᠋ᠷ ᠬᠠᠷᠭᠠᠨ᠎ᠠ᠂ ᠣᠳᠣ ᠨᠢᠭᠡᠨᠲᠡ 2 ᠮᠧᠳ᠋ᠷ ᠰᠢᠬᠠᠮ ᠣᠷᠳᠣ ᠪᠣᠯᠵᠠᠢ᠃ ᠡᠳᠦᠷ ᠪᠦᠷᠢ ᠣᠢ ᠱᠢᠭᠤᠢ ᠶᠢ ᠲᠣᠭᠤᠷᠢᠨ ᠪᠠᠶᠢᠴᠠᠭᠠᠬᠤ ᠪᠠᠷ ᠢᠷᠡᠭᠰᠡᠨ ᠸᠠᠩ ᠴᠢᠦᠸᠡᠨ ᠰᠢ ᠠᠳᠡ ᠡᠯᠡᠰᠦᠨ ᠠᠴᠠ ᠨᠣᠭᠤᠭᠠᠨ ᠬᠥᠷᠥᠰᠥ ᠬᠤᠪᠢᠷᠠᠭᠰᠠᠨ ᠭᠡᠷᠡᠴᠢᠯᠡᠭᠴᠢ ᠪᠣᠯᠵᠠᠢ᠃     ︽2023 ᠣᠨ ᠤ ᠡᠴᠦᠰ ᠪᠣᠯᠲᠠᠯ᠎ᠠ᠂ ᠰᠢᠷᠭᠤᠯᠵᠢ ᠶᠢᠨ ᠪᠦᠯᠦᠭᠯᠡᠯ ᠨᠢᠭᠡᠨᠲᠡ ︿ᠮᠠ ᠢ ᠣᠢ﹀ ᠲᠥᠷᠥᠯ ᠵᠦᠢᠯ ᠢᠶᠠᠷ ᠳᠡᠮᠵᠢᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠠᠷᠭᠠᠨ᠎ᠠ᠂ ᠴᠢᠴᠠᠷᠭᠠᠨ᠎ᠠ᠂ ᠬᠡᠭᠡᠷ᠎ᠡ ᠶᠢᠨ ᠭᠦᠢᠯᠡᠰᠦ᠂ ᠬᠠᠶᠢᠯᠠᠰᠤᠨ ᠮᠣᠳᠣ᠂ ᠬᠠᠶᠢᠯᠠᠷ ᠨᠠᠷᠠᠰᠤ 780 ᠲᠦᠮᠡᠨ ᠰᠠᠭᠤᠷᠢ ᠲᠠᠷᠢᠵᠤ᠂ ᠣᠶᠢᠵᠢᠭᠤᠯᠤᠭᠰᠠᠨ ᠲᠠᠯᠠᠪᠠᠢ 7 ᠲᠦᠮᠡᠨ ᠮᠦ ᠶᠢ ᠳᠠᠪᠠᠪᠠ︾᠃ ᠮᠠ ᠢ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠭᠴᠢ᠂ ᠲᠡᠷᠢᠭᠦᠨ ᠦᠷᠭᠦᠯᠵᠢᠯᠡᠬᠦ ᠬᠥᠭᠵᠢᠯᠲᠡ ᠶᠢᠨ ᠨᠣᠶᠠᠨ ︵cso︶᠂ ᠮᠠ ᠢ ᠣᠢ ᠰᠢᠭᠤᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠫᠧᠩ ᠢ ᠵᠢᠶᠧ ᠲᠠᠨᠢᠯᠴᠠᠭᠤᠯᠬᠤ ᠳᠠᠭᠠᠨ᠂ 2024 ᠣᠨ ᠳᠤ᠂ ᠮᠠ ᠢ ᠪᠦᠯᠦᠭᠯᠡᠯ ︽ᠰᠢᠷᠭᠤᠯᠵᠢ ᠶᠢᠨ ᠣᠢ ᠰᠢᠭᠤᠢ︾ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠲᠥᠷᠥᠯ ᠵᠦᠢᠯ ᠢᠶᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠦᠷᠭᠦᠯᠵᠢᠯᠡᠨ ᠳᠡᠮᠵᠢᠵᠦ᠂ ᠵᠢᠯ ᠤᠨ ᠳᠣᠲᠣᠷ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠳᠠᠬᠢᠨ ᠬᠠᠷᠭᠠᠨ᠎ᠠ᠂ ᠬᠡᠭᠡᠷ᠎ᠡ ᠶᠢᠨ ᠭᠦᠢᠯᠡᠰᠦ᠂ ᠬᠠᠶᠢᠯᠠᠰᠤᠨ ᠮᠣᠳᠣ᠂ ᠪᠠᠲᠤ ᠪᠠᠬᠢ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠵᠡᠷᠭᠡ ᠮᠣᠳᠣᠨ ᠤ ᠲᠥᠷᠥᠯ ᠵᠦᠢᠯ 230 ᠲᠦᠮᠡ ᠶᠢ ᠳᠠᠪᠠᠵᠤ᠂ ᠨᠡᠶᠢᠲᠡ ᠣᠶᠢᠵᠢᠭᠤᠯᠤᠭᠰᠠᠨ ᠲᠠᠯᠠᠪᠠᠢ ᠨᠢ 10 ᠲᠦᠮᠡᠨ ᠮᠦ ᠶᠢ ᠳᠠᠪᠠᠨ᠎ᠠ ᠭᠡᠵᠡᠢ᠃   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠬᠥᠬᠡ ᠰᠥᠬᠡ ᠭᠠᠴᠠᠭ᠎ᠠ ᠳᠤ᠂ ᠣᠯᠠᠨ ᠤᠬᠤᠭᠤᠷ ᠮᠠᠰᠢᠨ ᠶᠠᠭ ᠪᠠᠷᠢᠯᠭ᠎ᠠ ᠶᠢᠨ ᠭᠤᠤ ᠮᠠᠯᠲᠠᠵᠤ ᠪᠠᠶᠢᠨ᠎ᠠ᠂ ᠬᠠᠷᠭᠠᠨ᠎ᠠ ᠶᠢ ᠳᠦᠭᠦᠷᠲᠡᠯ᠎ᠡ ᠲᠡᠭᠡᠭᠡᠭᠰᠡᠨ ᠲᠷᠠᠺᠲ᠋ᠣᠷ ᠬᠠᠪᠤᠷ ᠤᠨ ᠬᠥᠭᠵᠢᠮ ᠢ ᠬᠥᠭᠵᠢᠮᠳᠡᠵᠦ ᠪᠠᠶᠢᠯ᠎ᠠ᠃    ︽ᠮᠠᠨ ᠤ ᠭᠡᠷ ᠣᠶᠢᠷ᠎ᠠ ᠬᠠᠪᠢ ᠳᠤ ᠰᠠᠭᠤᠵᠤ ᠪᠠᠶᠢᠨ᠎ᠠ᠂ ᠣᠳᠣ ᠡᠯᠡᠰᠦ ᠶᠢ ᠵᠠᠰᠠᠬᠤ ᠨᠥᠬᠦᠴᠡᠯ ᠡᠮᠦᠨᠡᠬᠢ ᠠᠴᠠ ᠬᠤᠯᠠ ᠰᠠᠶᠢᠨ ᠪᠣᠯᠵᠠᠢ᠂ ᠡᠯ᠎ᠡ ᠵᠦᠢᠯ ᠤᠨ ᠮᠠᠰᠢᠨ ᠲᠥᠬᠦᠭᠡᠷᠦᠮᠵᠢ ᠬᠥᠮᠦᠨ ᠤ ᠬᠦᠴᠦᠨ ᠢ ᠠᠷᠪᠢᠯᠠᠭᠰᠠᠨ ᠢᠶᠠᠷ ᠪᠠᠷᠠᠬᠤ ᠦᠭᠡᠢ᠂ ᠪᠠᠰᠠ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠵᠡᠢ᠃ ᠨᠡᠩ ᠣᠯᠠᠨ ᠬᠥᠮᠦᠨ ᠣᠷᠣᠯᠴᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠰᠠᠶᠢᠲᠤᠷ ᠵᠠᠰᠠᠬᠤ ᠶᠢ ᠬᠦᠰᠡᠵᠦ ᠪᠠᠶᠢᠨ᠎ᠠ︾᠃ ᠬᠥᠬᠡ ᠰᠥᠭᠡᠭ ᠭᠠᠴᠠᠭᠠᠨ ᠤ ᠠᠷᠠᠳ ᠪᠦᠦ ᠢᠦᠢ ᠭᠧ ᠬᠡᠯᠡᠬᠦ ᠳᠡᠭᠡᠨ᠂ ᠲᠡᠷᠡ ᠠᠳᠡ ᠦᠰᠦᠨ ᠪᠤᠶᠢᠵᠢᠵᠤ᠂ ᠡᠯᠡᠰᠦᠨ ᠴᠥᠯ ᠤᠨ ᠵᠣᠪᠠᠭᠤᠷᠢ ᠵᠦᠳᠡᠭᠦᠷᠢ ᠶᠢ ᠭᠦᠨ ᠠᠮᠰᠠᠵᠤ᠂ ᠣᠳᠣ ᠭᠡᠷ ᠤᠨ ᠡᠭᠦᠳᠡᠨ ᠳᠤ ᠬᠥᠯᠥᠰᠥᠨ ᠠᠵᠢᠯ ᠬᠢᠵᠦ᠂ ᠠᠮᠢᠳᠤᠷᠠᠯ ᠳᠤ ᠨᠢᠭᠡ ᠬᠤᠪᠢ ᠣᠷᠣᠯᠭ᠎ᠠ ᠨᠡᠮᠡᠬᠦ ᠪᠠᠷ ᠪᠠᠷᠠᠬᠤ ᠦᠭᠡᠢ᠂ ᠨᠡᠩ ᠴᠤ ᠨᠤᠲᠤᠭ ᠤᠰᠤᠨ ᠤ ᠪᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃    ︽ᠪᠢᠳᠡ ᠲᠥᠷᠥᠯ ᠵᠦᠢᠯ ᠤᠨ ᠣᠷᠣᠨ ᠤ ᠣᠶᠢᠷ᠎ᠠ ᠬᠠᠪᠢ ᠶᠢᠨ ᠮᠠᠯᠴᠢᠨ ᠲᠠᠷᠢᠶᠠᠴᠢᠨ ᠤ ᠬᠦᠴᠦ ᠶᠠᠪᠤᠭᠰᠠᠳ ᠢ ᠤᠷᠢᠳᠠᠪᠠᠷ ᠰᠣᠩᠭᠤᠵᠤ᠂ ᠲᠤᠬᠠᠢ ᠶᠢᠨ ᠭᠠᠵᠠᠷ ᠤᠨ ᠴᠢᠬᠢ ᠪᠤᠶᠢᠵᠢᠭᠤᠯᠬᠤ ᠡᠷᠦᠬᠡ ᠶᠢᠨ ᠴᠢᠨᠠᠷ ᠰᠠᠶᠢᠲᠠᠢ ᠴᠢᠬᠢ ᠮᠣᠳᠣ ᠶᠢ ᠤᠷᠢᠳᠠᠪᠠᠷ ᠬᠤᠳᠠᠯᠳᠤᠨ ᠠᠪᠴᠤ᠂ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠤᠨ ᠭᠤᠷᠪᠠᠨ ᠦᠷ᠎ᠡ ᠠᠰᠢᠭ ᠢ ᠨᠢᠭᠡᠳᠬᠡᠬᠦ︾ ᠶᠢ ᠪᠡᠶᠡᠯᠡᠭᠦᠯᠵᠡᠢ᠃ ᠥᠪᠥᠷ ᠮᠣᠩᠭᠤᠯ ᠤᠨ ᠰᠧᠨ ᠹᠠ ᠣᠢ ᠰᠢᠭᠤᠢ ᠶᠢᠨ ᠨᠡᠭᠡᠭᠡᠨ ᠬᠥᠭᠵᠢᠭᠦᠯᠦᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠯ ᠯᠢ ᠵᠧᠩ ᠴᠢᠦᠸᠡᠨ ᠲᠠᠨᠢᠯᠴᠠᠭᠤᠯᠤᠭᠰᠠᠨ ᠨᠢ᠂ ᠲᠤᠰ ᠺᠣᠮᠫᠠᠨᠢ ᠶᠢᠨ ᠬᠠᠷᠢᠭᠤᠴᠠᠵᠤ ᠪᠠᠶᠢᠭ᠎ᠠ ᠲᠥᠷᠥᠯ ᠵᠦᠢᠯ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 12 ᠰᠤᠮᠤ ᠰᠢᠶᠠᠩ ᠪᠠᠯᠭᠠᠰᠤ ᠶᠢ ᠬᠠᠮᠤᠷᠴᠤ᠂ ᠨᠡᠶᠢᠲᠡ 31000 ᠭᠠᠷᠤᠢ ᠮᠦ ᠪᠠᠶᠢᠵᠤ᠂ 4 ᠲᠥᠷᠥᠯ ᠵᠦᠢᠯ ᠤᠨ ᠬᠡᠯᠲᠡᠰ᠂ 10 ᠪᠠᠷᠢᠯᠭ᠎ᠠ ᠶᠢᠨ ᠠᠩᠭᠢ ᠬᠤᠪᠢᠶᠠᠨ ᠪᠦᠬᠦ ᠱᠤᠭᠤᠮ ᠢᠶᠠᠷ ᠲᠦᠯᠬᠢᠨ ᠠᠬᠢᠭᠤᠯᠵᠤ᠂ 5 ᠰᠠᠷ᠎ᠠ ᠶᠢᠨ ᠰᠡᠭᠦᠯᠴᠢ ᠪᠣᠯᠬᠤ ᠳᠤ ᠪᠦᠬᠦ ᠱᠤᠭᠤᠮ ᠢᠶᠠᠷ ᠪᠠᠷᠢᠯᠭ᠎ᠠ ᠳᠠᠭᠤᠰᠬᠤ ᠪᠠᠷ ᠴᠢᠷᠮᠠᠶᠢᠨ᠎ᠠ᠃    ᠨᠣᠭᠤᠭᠠᠨ ᠥᠩᠭᠡ ᠶᠢ ᠬᠥᠭᠡᠭᠡᠴᠡᠯᠳᠦᠵᠦ᠂ ᠳᠠᠪᠬᠤᠷ ᠣᠢ ᠬᠦᠰᠡᠯ ᠢ ᠲᠡᠷᠭᠡᠯᠰᠢᠭᠦᠯ ᠦᠶ᠎ᠡ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠬᠤᠸᠠ ᠳᠣᠪᠤ ᠪᠠ ᠰᠠᠮᠠᠭ᠎ᠠ ᠭᠠᠴᠠᠭ᠎ᠠ ᠶᠢᠨ ᠵᠠᠰᠠᠯᠲᠠ ᠶᠢᠨ ᠲᠣᠭᠤᠷᠢᠭ᠂ ᠪᠠᠶᠠᠨᠨᠠᠭᠤᠷ ᠰᠤᠮᠤ ᠶᠢᠨ ᠬᠦᠢᠯᠡᠰᠦᠲᠠᠢ ᠭᠠᠴᠠᠭ᠎ᠠ ᠶᠢᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠲᠣᠭᠤᠷᠢᠭ᠂ ᠰᠢᠨᠠᠵᠠᠮ ᠰᠤᠮᠤ ᠶᠢᠨ ᠬᠤᠯᠪᠣᠭ᠎ᠠ ᠭᠠᠴᠠᠭ᠎ᠠ ᠶᠢᠨ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠰᠠᠭᠤᠷᠢᠨ ᠭᠠᠵᠠᠷ ᠵᠡᠷᠭᠡ ᠭᠤᠷᠪᠠᠨ ᠵᠠᠰᠠᠯᠲᠠ ᠶᠢᠨ ᠲᠤᠬᠠᠢ ᠶᠢᠨ ᠲᠠᠯᠠᠪᠠᠢ ᠳᠤ᠂ ︽ᠪᠠᠲᠤᠴᠠᠭᠠᠨ ᠤ ᠵᠠᠪᠢ ᠶᠢ ᠬᠠᠮᠲᠤ ᠪᠠᠷ ᠲᠤᠭᠤᠯᠬᠤ︾ ᠢᠵᠢᠯ ᠰᠡᠳᠬᠢᠯᠲᠦ ᠤᠢ᠂ ᠳᠤᠮᠳᠠᠳᠤ ᠤᠯᠤᠰ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠰᠠᠭᠤᠷᠢᠨ ᠭᠠᠵᠠᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠠᠵᠢᠯᠯᠠᠵᠤ ᠪᠠᠶᠢᠭ᠎ᠠ ᠬᠠᠶᠢᠳᠢᠶᠠᠨ ᠪᠠᠯᠭᠠᠰᠤᠨ ᠤ ᠡᠯᠡᠰᠦ ᠶᠢ ᠰᠡᠷᠭᠡᠶᠢᠯᠡᠵᠦ ᠬᠤᠵᠢᠷ ᠢ ᠵᠠᠰᠠᠬᠤ ᠰᠠᠭᠤᠷᠢᠨ ᠭᠠᠵᠠᠷ ᠢ ᠲᠤᠰᠠᠯᠠᠨ ᠪᠠᠶᠢᠭᠤᠯᠬᠤ ᠵᠡᠷᠭᠡ ᠣᠯᠠᠨ ᠰᠠᠭᠤᠷᠢᠨ ᠭᠠᠵᠠᠷ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠵᠠᠯᠭᠠᠭ᠎ᠠ ᠪᠠᠷ ᠪᠠᠶᠢᠭᠤᠯᠪᠠ᠃ ᠬᠢᠩᠭᠠᠨ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠪᠦᠬᠦ ᠠᠶᠢᠮᠠᠭ ᠤᠨ 130 ᠭᠠᠷᠤᠢ ᠠᠵᠤ ᠠᠬᠤᠶᠢᠯᠠᠯ ᠢ ᠢᠳᠡᠪᠬᠢᠲᠡᠢ ᠵᠣᠬᠢᠶᠠᠨ ᠪᠠᠶᠢᠭᠤᠯᠵᠤ ᠨᠡᠶᠢᠲᠡ ᠶᠢᠨ ᠠᠰᠠᠷᠠᠮᠵᠢ ᠶᠢᠨ ᠣᠢ ᠶᠢᠨ ᠪᠦᠲᠦᠭᠡᠨ ᠪᠠᠶᠢᠭᠤᠯᠤᠯᠲᠠ ᠶᠢᠨ ᠡᠩᠨᠡᠭᠡ ᠳᠤ ᠣᠷᠣᠭᠤᠯᠵᠤ᠂ ᠣᠯᠠᠨ ᠤ ᠤᠬᠠᠭᠠᠨ ᠬᠠᠮᠲᠤ ᠶᠢᠨ ᠬᠦᠴᠦᠨ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠡᠭᠡ ᠪᠠᠶᠢᠷᠢᠰᠢᠯ ᠢ ᠲᠦᠷᠭᠡᠨ ᠪᠦᠷᠢᠯᠳᠦᠭᠦᠯᠵᠦ᠂ ᠬᠢᠩᠭᠠᠨ ᠠᠶᠢᠮᠠᠭ ᠨᠢ ᠶᠠᠭ ᠡᠨᠡ ᠬᠦ ᠡᠷᠴᠢ ᠵᠣᠷᠢᠭ ᠢᠶᠠᠷ ᠡᠪᠳᠡᠷᠡᠰᠢ ᠦᠭᠡᠢ ᠤᠮᠠᠷᠠᠲᠤ ᠶᠢᠨ ᠨᠣᠭᠤᠭᠠᠨ ᠤᠷᠲᠤ ᠴᠠᠭᠠᠨ ᠬᠡᠷᠡᠮ ᠪᠣᠯᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号